Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ᠂ᠫᠦᠲ᠋ᠢᠨ ᠪᠣᠯᠤᠨ ᠲᠤᠰ ᠤᠯᠤᠰ ᠤᠨ ᠠᠷᠠᠳ ᠲᠦᠮᠡᠨ ᠳᠦ ᠡᠮᠭᠡᠨᠢᠯ ᠢᠯᠡᠷᠬᠡᠶᠢᠯᠡᠯ᠎ᠡ

ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠺᠧᠮᠧᠷᠧᠸᠣ‍ ᠬᠣᠲᠠ ᠢᠢᠨ ᠬᠤᠳᠠᠯᠳᠤᠭᠠᠨ ᠤ ᠲᠥᠪ ᠲᠥ ᠭᠠᠯ ᠲᠦᠢᠮᠡᠷ ᠭᠠᠷᠴᠤ ᠣᠯᠠᠨ ᠬᠦᠮᠦᠨ ᠦ ᠠᠮᠢ ᠨᠠᠰᠤ ᠬᠣᠬᠢᠷᠠᠭᠰᠠᠨ ᠲᠠᠢ ᠬᠣᠯᠪᠣᠭᠳᠠᠭᠤᠯᠤᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠂ᠫᠦᠲ᠋ᠢᠨ ᠪᠣᠯᠤᠨ ᠲᠤᠰ ᠤᠯᠤᠰ ᠤᠨ ᠠᠷᠠᠳ ᠲᠦᠮᠡᠨ ᠳᠥ ᠡᠮᠭᠡᠨᠢᠯ ᠢᠯᠡᠷᠬᠡᠢᠢᠯᠡᠯ᠎ᠡ᠃ ᠤᠭ ᠡᠮᠭᠡᠨᠢᠯ ᠳᠥ᠄

《ᠡᠷᠬᠢᠮᠰᠦᠭ ᠨᠣᠶᠠᠨ ᠸᠯᠠᠳᠢᠮᠢᠷ ᠸᠯᠠᠳᠢᠮᠢᠷᠣᠸᠢᠴ ᠫᠦᠲ᠋ᠢᠨ ᠲᠠᠨ᠎ᠠ

ᠣᠷᠣᠰ ᠤᠨ ᠬᠣᠯᠪᠣᠭᠠᠨ ᠤ ᠤᠯᠤᠰ ᠤᠨ ᠺᠧᠮᠧᠷᠧᠸᠣ‍ ᠬᠣᠲᠠ ᠢᠢᠨ ᠬᠤᠳᠠᠯᠳᠤᠭᠠᠨ ᠤ ᠲᠥᠪ ᠲᠥ ᠲᠦᠢᠮᠡᠷ ᠭᠠᠷᠤᠭᠰᠠᠨ ᠤ ᠤᠯᠠᠮ ᠠᠴᠠ ᠣᠯᠠᠨ ᠬᠦᠮᠦᠨ ᠦ ᠠᠮᠢ᠂ ᠲᠡᠭᠦᠨ ᠦ ᠳᠣᠲᠣᠷ᠎ᠠ ᠬᠡᠦᠬᠡᠳ ᠦᠳ ᠦᠨ ᠠᠮᠢ ᠡᠷᠥᠰᠳᠡᠭᠰᠡᠨ ᠳᠥ ᠭᠦᠨ᠎ᠡ ᠬᠠᠷᠠᠮᠰᠠᠵᠤ ᠪᠤᠢ ᠢᠢ ᠪᠠᠨ ᠢᠯᠡᠷᠬᠡᠢᠢᠯᠡᠵᠦ ᠪᠠᠢᠢᠨ᠎ᠠ᠃

ᠮᠣᠩᠭ᠋ᠣᠯ  ᠤᠨ ᠠᠷᠠᠳ ᠲᠦᠮᠡᠨ ᠦ ᠡᠮᠦᠨ᠎ᠡ ᠡᠴᠡ ᠪᠣᠯᠤᠨ ᠬᠤᠪᠢ ᠠᠴᠠ ᠪᠠᠨ ᠣᠷᠣᠰ ᠤᠨ ᠠᠷᠠᠳ ᠲᠦᠮᠡᠨ᠂ ᠠᠮᠢ ᠦᠷᠡᠭᠳᠡᠭᠰᠡᠳ ᠦᠨ ᠭᠡᠷ ᠪᠦᠯᠢ᠂ ᠲᠥᠷᠦᠯ ᠲᠥᠷᠦᠭᠰᠡᠳ ᠲᠥ ᠭᠦᠨ ᠡᠮᠭᠡᠨᠢᠯ ᠢᠯᠡᠷᠬᠡᠢᠢᠯᠡᠵᠦ ᠪᠤᠢ ᠢᠢ ᠮᠢᠨᠢ ᠬᠦᠯᠢᠶᠡᠨ ᠠᠪᠤᠨ᠎ᠠ ᠤᠤ》 ᠭᠡᠵᠡᠢ᠃