Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠡᠰᠦᠬᠡ ᠳᠥ ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠪᠠᠷᠠᠭᠠᠯᠬᠠᠪᠠ

ᠭᠠᠳᠠᠭᠠᠳᠤ ᠬᠠᠷᠢᠯᠴᠠᠭᠠᠨ ᠤ ᠰᠠᠢᠢᠳ ᠪᠠ‍ ∙ ᠪᠠᠲᠤᠴᠡᠴᠡᠭ ᠦᠨ ᠤᠷᠢᠯᠭ᠎ᠠ ᠪᠠᠷ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠠᠢᠢᠭ᠎ᠠ ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠬᠠᠶᠠᠱᠢ᠎᠎᠋᠋᠋᠋᠌᠌᠍᠍ ᠶᠣᠰᠢᠮᠠᠰᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠦᠰᠦᠬᠡ ᠳᠥ ᠪᠠᠷᠠᠭᠠᠯᠬᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠤᠨ ᠠᠢᠢᠯᠴᠢᠯᠠᠯ ᠨᠢ ᠮᠣᠩ᠋ᠭᠣᠯ᠂ ᠶᠠᠫᠣᠨ ᠤ ᠰᠲ᠋ᠷᠠᠲ᠋ᠧᠭᠢ ᠢᠢᠨ ᠲᠦᠩᠰᠢᠯᠡᠯ ᠥᠨᠳᠦᠷ ᠲᠦᠪᠰᠢᠨ ᠳᠥ ᠬᠥᠭ᠍ᠵᠢᠵᠦ ᠪᠠᠢᠢᠭ᠎ᠠ ᠢᠢᠨ ᠢᠯᠡᠷᠡᠯ ᠭᠡᠳᠡᠭ ᠢ ᠲᠡᠮᠳᠡᠭᠯᠡᠪᠡ᠃

ᠮᠥᠨ ᠡᠨᠡ ᠣᠨ ᠳᠤ ᠲᠣᠬᠢᠶᠠᠵᠤ ᠪᠤᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢ ᠲᠠᠯ᠎ᠠ ᠨᠤᠭᠤᠳ 《ᠮᠣᠩ᠋ᠭᠣᠯ᠂ ᠶᠠᠫᠣᠨ ᠤ ᠬᠡᠦᠬᠡᠳ᠂ ᠵᠠᠯᠠᠭᠤᠴᠤᠳ ᠤᠨ ᠨᠠᠢᠢᠷᠠᠮᠳᠠᠯ᠂ ᠰᠣᠯᠢᠯᠴᠠᠭᠠᠨ ᠤ ᠵᠢᠯ》 ᠍ ᠪᠡᠷ ᠵᠠᠷᠯᠠᠨ᠂ ᠶᠣᠰᠣᠯᠠᠯ ᠲᠡᠭᠦᠯᠳᠡᠷ ᠲᠡᠮᠳᠡᠭᠯᠡᠨ ᠥᠩᠭᠡᠷᠡᠭᠦᠯᠵᠦ ᠪᠠᠢᠢᠭ᠎ᠠ ᠳᠤ ᠰᠡᠳᠬᠢᠯ ᠬᠠᠩᠭ᠋ᠠᠯᠤᠭᠤᠨ ᠪᠠᠢᠢᠭ᠎ᠠ ᠪᠠᠨ ᠢᠯᠡᠷᠬᠡᠢᠢᠯᠡᠵᠦ᠂ ᠣᠢ ᠢᠢᠨ ᠬᠦᠷᠢᠶᠡᠨ ᠳᠥ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠤᠬᠢᠲ᠋ᠤ‍ ᠢᠢ ᠮᠣᠩ᠋ᠭᠣᠯ ᠤᠯᠤᠰ ᠲᠤ ᠠᠢᠢᠯᠴᠢᠯᠠᠬᠤ ᠢᠢ ᠤᠷᠢᠪᠠ᠃

ᠲᠡᠭᠦᠨᠴᠢᠯᠡᠨ ᠴᠠᠷ᠎ᠠ ᠲᠠᠬᠤᠯ ᠢ ᠬᠦᠨᠳᠦᠷᠡᠯ ᠪᠠᠭ᠎ᠠ ᠲᠠᠢ ᠳᠠᠪᠠᠨ ᠲᠤᠭᠤᠯᠬᠤ ᠳᠤ ᠲᠤᠰᠠᠯᠠᠮᠵᠢ᠂ ᠳᠡᠮᠵᠢᠯᠭᠡ ᠦᠵᠡᠭᠦᠯᠦᠭᠰᠡᠨ ᠶᠠᠫᠣᠨ ᠤᠯᠤᠰ ᠤᠨ ᠵᠠᠰᠠᠭ ᠤᠨ ᠭᠠᠵᠠᠷ᠂ ᠠᠷᠠᠳ ᠢᠷᠭᠡᠳ ᠲᠥ ᠲᠠᠯᠠᠷᠬᠠᠯ ᠢᠯᠡᠷᠬᠡᠢᠢᠯᠡᠪᠡ᠃

ᠴᠢᠨᠠᠭᠰᠢᠳᠠ ᠠᠭᠤᠯᠠ ᠠᠭᠤᠷᠬᠠᠢ᠂ ᠪᠠᠢᠢᠭᠠᠯᠢ ᠣᠷᠴᠢᠨ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠰᠣᠶᠣᠯ᠂ ᠪᠣᠯᠪᠠᠰᠤᠷᠠᠯ ᠭᠡᠳ ᠪᠦᠬᠦ ᠰᠠᠯᠪᠤᠷᠢ ᠳᠤ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠨᠢ ᠵᠦᠢᠲᠡᠢ ᠭᠡᠵᠦ ᠦᠵᠡᠳᠡᠭ ᠢᠶᠡᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠣᠨᠴᠠᠯᠠᠪᠠ᠃

ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠶᠣ᠊ ∙ ᠬᠠᠶᠠᠱᠢ ᠶᠠᠫᠣᠨ ᠤᠯᠤᠰ ᠤᠨ ᠵᠠᠰᠠᠭ ᠤᠨ ᠭᠠᠵᠠᠷ ᠮᠣᠩ᠋ᠭᠣᠯ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠥᠨᠳᠦᠷ ᠠᠴᠢ ᠬᠣᠯᠪᠣᠭᠳᠠᠯ ᠥᠭᠳᠡᠭ ᠢ ᠲᠡᠮᠳᠡᠭᠯᠡᠭᠡᠳ᠂ᡀ ᠴᠠᠭᠠᠰᠢᠳᠠ ᠪᠦᠬᠦ ᠲᠠᠯ᠎ᠠ ᠪᠠᠷ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠨᠣᠲᠠᠯᠠᠪᠠ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠪᠰᠢᠭᠦᠯᠦᠭᠰᠡᠨ 《ᠲᠡᠷᠪᠤᠮ ᠮᠣᠳᠣ》 ᠰᠠᠨᠠᠭᠠᠴᠢᠯᠠᠭ᠎ᠠ ᠢᠢ ᠳᠡᠮᠵᠢᠬᠦ ᠪᠡᠨ ᠢᠯᠡᠷᠬᠡᠢᠢᠯᠡᠵᠦ᠂ ᠡᠨᠡ ᠬᠦᠷᠢᠶᠡᠨ ᠳᠥ ᠬᠠᠮᠲᠤᠷᠠᠨ ᠠᠵᠢᠯᠯᠠᠬᠤ ᠬᠡᠯᠪᠡᠷᠢ ᠪᠡᠨ ᠰᠤᠳᠤᠯᠵᠤ ᠪᠠᠢᠢᠭ᠎ᠠ ᠢᠢ ᠬᠡᠯᠡᠪᠡ᠃

ᠳᠡᠭᠡᠳᠦ᠂ ᠥᠨᠳᠦᠷ ᠲᠦᠪᠰᠢᠨ ᠦ ᠬᠠᠷᠢᠯᠴᠠᠨ ᠠᠢᠢᠯᠴᠢᠯᠠᠯ ᠤᠨ ᠳᠠᠪᠲᠠᠮᠵᠢ ᠢᠢ ᠬᠠᠳᠠᠭᠠᠯᠠᠬᠤ᠂ ᠬᠤᠳᠠᠯᠳᠤᠭ᠎ᠠ᠂ ᠬᠥᠷᠦᠩᠭᠡ ᠣᠷᠣᠭᠤᠯᠤᠯᠲᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠡᠳ᠋ ᠍ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ ᠢ ᠪᠥᠷᠢᠨ ᠠᠰᠢᠭᠯᠠᠬᠤ ᠨᠢ ᠵᠦᠢᠲᠡᠢ ᠭᠡᠳᠡᠭ ᠲᠥ ᠲᠠᠯ᠎ᠠ ᠨᠤᠭᠤᠳ ᠰᠠᠨᠠᠯ ᠨᠢᠭᠡᠳᠪᠡ᠃

ᠠᠭᠤᠯᠵᠠᠯᠲᠠ ᠢᠢᠨ ᠦᠶ᠎ᠡ ᠪᠡᠷ ᠬᠤᠪᠢ ᠤᠨ ᠬᠡᠪᠰᠢᠯ ᠪᠣᠯᠤᠨ ᠢᠷᠭᠡᠳ ᠬᠣᠭᠣᠷᠣᠨᠳᠣ ᠢᠢᠨ ᠬᠠᠷᠢᠯᠴᠠᠭ᠎ᠠ ᠢᠢ ᠬᠥᠭ᠍ᠵᠢᠭᠦᠯᠬᠦ᠂ ᠲᠡᠭᠦᠨ ᠦ ᠳᠣᠲᠣᠷ᠎ᠠ ᠬᠡᠦᠬᠡᠳ᠂ ᠵᠠᠯᠠᠭᠤᠴᠤᠳ ᠤᠨ ᠰᠣᠯᠢᠯᠴᠠᠭ᠎ᠠ ᠢᠢ ᠨᠡᠮᠡᠭᠳᠡᠭᠦᠯᠬᠦ᠂ ᠪᠥᠰᠡ ᠨᠤᠲᠤᠭ᠂ ᠣᠯᠠᠨ ᠤᠯᠤᠰ ᠤᠨ ᠨᠥᠬᠥᠴᠡᠯ ᠪᠠᠢᠢᠳᠠᠯ ᠤᠨ ᠲᠠᠯ᠎ᠠ ᠪᠠᠷ ᠰᠠᠨᠠᠯ ᠰᠤᠯᠢᠯᠴᠠᠪᠠ᠃