Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠪᠢᠽᠢᠨ᠋᠋ᠧᠰ ᠪᠠ ᠡᠮᠡᠭᠲᠡᠢᠢᠴᠦᠳ》 ᠵᠥᠪᠯᠡᠯᠳᠦᠬᠦ ᠠᠭᠤᠯᠵᠠᠯᠲᠠ ᠪᠣᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠪᠢᠽᠢᠨ᠋᠋ᠧᠰ ᠪᠠ ᠡᠮᠡᠭᠲᠡᠢᠢᠴᠦᠳ》 ᠵᠥᠪᠯᠡᠯᠳᠦᠬᠦ ᠠᠭᠤᠯᠵᠠᠯᠲᠠ ᠥᠨᠥᠳᠥᠷ ᠮᠣᠩ᠋ᠭᠣᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠶᠡᠬᠡ ᠲᠠᠩᠬᠢᠮ ᠳᠤ ᠪᠣᠯᠤᠯ᠎ᠠ᠃

ᠵᠥᠪᠯᠡᠯᠳᠦᠬᠦ ᠠᠭᠤᠯᠵᠠᠯᠲᠠ ᠢᠢᠨ ᠨᠡᠭᠡᠭᠡᠯᠲᠡ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠦᠪᠠᠭᠠᠲᠤᠷ ᠣᠷᠣᠯᠴᠠᠵᠤ᠂ ᠦᠭᠡ ᠬᠡᠯᠡᠪᠡ᠃

ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠮᠣᠩ᠋ᠭᠣᠯ ᠤᠯᠤᠰ ᠤᠨ ᠶᠡᠷᠦᠩᠬᠡᠢᠢᠯᠡᠭᠴᠢ 《ᠬᠠᠯᠠᠮᠵᠢ ᠠᠴᠠ ᠬᠥᠳᠡᠯᠮᠦᠷᠢ ᠳᠥ》 ᠰᠠᠭᠤᠷᠢ ᠰᠢᠨᠡᠴᠢᠯᠡᠯ ᠦᠨ ᠬᠦᠷᠢᠶᠡᠨ ᠳᠥ ᠡᠮᠡᠭᠲᠡᠢᠢᠴᠦᠳ ᠦᠨ ᠠᠵᠢᠯ ᠡᠷᠬᠢᠯᠡᠯᠲᠡ᠂ ᠪᠢᠽᠢᠨ᠋᠋ᠧᠰ ᠢ ᠳᠡᠮᠵᠢᠬᠦ᠂ ᠡᠷᠦᠬᠡ ᠢᠢᠨ ᠣᠷᠣᠯᠭ᠎ᠠ ᠢᠢ ᠨᠡᠮᠡᠭᠳᠡᠭᠦᠯᠬᠦ ᠳᠥ ᠠᠩᠬᠠᠷᠤᠯ ᠬᠠᠨᠳᠤᠭᠤᠯᠤᠨ ᠠᠵᠢᠯᠯᠠᠵᠤ ᠪᠠᠢᠢᠭ᠎ᠠ ᠢᠢ ᠲᠡᠮᠳᠡᠭᠯᠡᠯ ᠡ᠃

ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠤ 2021 ᠣᠨ ᠤ ᠠᠵᠤ ᠠᠬᠤᠢ ᠢᠢᠨ ᠨᠢᠭᠡᠴᠡ ᠢᠢᠨ ᠲᠣᠭᠠᠯᠠᠯᠭ᠎ᠠ ᠢᠢᠨ ᠤᠷᠢᠳᠴᠢᠯᠠᠭᠰᠠᠨ ᠳ᠋ᠦᠩ᠋ ᠪᠡᠷ ᠮᠣᠩ᠋ᠭᠣᠯ ᠤᠯᠤᠰ ᠲᠤ ᠦᠢᠯᠡ ᠠᠵᠢᠯᠯᠠᠭ᠎ᠠ ᠶᠠᠪᠤᠭᠤᠯᠵᠤ ᠪᠤᠢ ᠨᠡᠢᠢᠲᠡ ᠠᠵᠤ ᠠᠬᠤᠢ ᠢᠢᠨ ᠨᠢᠭᠡᠴᠡ ᠢᠢᠨ 38 ᠬᠤᠪᠢ ᠨᠢ ᠡᠮᠡᠭᠲᠡᠢ ᠵᠠᠬᠢᠷᠤᠯ ᠲᠠᠢ ᠪᠠᠢᠢᠨ᠎ᠠ᠃ ᠬᠠᠷᠢᠨ ᠵᠢᠵᠢᠭ᠂ ᠳᠤᠮᠳᠠ ᠦᠢᠯᠡᠳᠪᠦᠷᠢᠯᠡᠯ ᠦᠨ ᠰᠠᠯᠪᠤᠷᠢ ᠳᠤ ᠦᠢᠯᠡ ᠠᠵᠢᠯᠯᠠᠭ᠎ᠠ ᠡᠷᠬᠢᠯᠡᠵᠦ ᠪᠤᠢ ᠪᠢᠽᠢᠨ᠋᠋ᠧᠰ ᠡᠷᠬᠢᠯᠡᠭᠴᠢᠳ ᠦᠨ 60 ᠭᠠᠷᠤᠢ ᠬᠤᠪᠢ ᠢ ᠡᠮᠡᠭᠲᠡᠢᠢᠴᠦᠳ ᠡᠵᠡᠯᠡᠵᠦ ᠪᠠᠢᠢᠭ᠎ᠠ ᠶᠤᠮ᠃

ᠭᠡᠪᠡᠴᠦ ᠡᠮᠡᠭᠲᠡᠢᠢᠴᠦᠳ ᠦᠨ ᠠᠵᠢᠯᠯᠠᠬᠤ ᠬᠦᠴᠦᠨ ᠦ ᠣᠷᠣᠯᠴᠠᠭᠠᠨ ᠤ ᠲᠦᠪᠰᠢᠨ ᠰᠡᠭᠦᠯ ᠦᠨ ᠵᠢᠯ ᠦᠳ ᠲᠥ ᠪᠠᠭᠤᠷᠠᠬᠤ ᠬᠠᠨᠳᠤᠯᠭ᠎ᠠ ᠲᠠᠢ ᠪᠠᠢᠢᠭ᠎ᠠ ᠪᠥᠭᠡᠳ ᠡᠨᠡ ᠣᠨ ᠤ ᠡᠬᠢᠨ ᠦ ᠤᠯᠠᠷᠢᠯ ᠤᠨ ᠪᠠᠢᠢᠳᠠᠯ ᠢᠶᠠᠷ 50.4 ᠬᠤᠪᠢ ᠲᠠᠢ ᠪᠠᠢᠢᠬᠤ ᠳᠤ ᠡᠷᠡᠭᠲᠡᠢᠢᠴᠦᠳ ᠦᠨ ᠬᠢ 66.5 ᠬᠤᠪᠢ ᠲᠠᠢ ᠪᠠᠢᠢᠭ᠎ᠠ ᠶᠤᠮ᠃

ᠡᠮᠡᠭᠲᠡᠢᠢᠴᠦᠳ ᠦᠨ ᠠᠵᠢᠯᠯᠠᠬᠤ ᠬᠦᠴᠦᠨ ᠦ ᠣᠷᠣᠯᠴᠠᠭ᠎ᠠ ᠢᠢ ᠨᠡᠮᠡᠭᠳᠡᠭᠦᠯᠬᠦ᠂ ᠡᠮᠡᠭᠲᠡᠢ ᠪᠢᠽᠢᠨ᠋᠋ᠧᠰ ᠡᠷᠬᠢᠯᠡᠭᠴᠢᠳ ᠢ ᠳᠡᠮᠵᠢᠬᠦ ᠳᠥ ᠲᠤᠯᠭᠠᠮᠳᠠᠵᠤ ᠪᠤᠢ ᠠᠰᠠᠭᠤᠳᠠᠯ ᠤᠳ ᠢ ᠵᠥᠪᠯᠡᠯᠳᠦᠬᠦ ᠠᠭᠤᠯᠵᠠᠯᠲᠠ ᠪᠠᠷ ᠬᠠᠮᠲᠤ ᠳᠤ ᠪᠠᠨ ᠲᠣᠳᠣᠷᠬᠠᠢᠢᠯᠠᠵᠤ᠂ ᠱᠠᠭᠠᠷᠳᠠᠯᠭ᠎ᠠ ᠲᠠᠢ ᠪᠣᠳᠣᠯᠭ᠎ᠠ ᠢᠢᠨ ᠪᠣᠯᠤᠨ ᠡᠷᠬᠡ ᠵᠦᠢ ᠢᠢᠨ ᠣᠷᠴᠢᠨ ᠢ ᠪᠦᠷᠢᠳᠦᠭᠦᠯᠬᠦ ᠴᠢᠭᠯᠡᠯ ᠢᠶᠡᠷ ᠢᠳᠡᠪᠬᠢᠲᠡᠢ ᠬᠡᠯᠡᠯᠴᠡᠭᠦᠯᠭᠡ ᠥᠷᠨᠢᠭᠦᠯᠦᠨ᠎ᠡ ᠭᠡᠳᠡᠭ ᠲᠥ ᠢᠲᠡᠭᠡᠵᠦ ᠪᠠᠢᠢᠭ᠎ᠠ ᠪᠠᠨ ᠢᠯᠡᠷᠬᠡᠢᠢᠯᠡᠯ᠎ᠡ᠃

ᠠᠭᠤᠯᠵᠠᠯᠲᠠ ᠠᠴᠠ ᠭᠠᠷᠤᠭᠰᠠᠨ ᠰᠠᠨᠠᠯ᠂ ᠵᠥᠪᠯᠡᠮᠵᠢ ᠢᠢ ᠨᠢᠭᠡᠳᠬᠡᠨ ᠢᠷᠡᠬᠦ ᠨᠠᠮᠤᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠬᠤ ᠦᠨᠳᠦᠰᠦᠨ ᠦ ᠴᠢᠭᠤᠯᠭᠠᠨ ᠢᠶᠠᠷ ᠬᠡᠯᠡᠯᠴᠡᠭᠦᠯᠬᠦ ᠶᠤᠮ᠃

ᠡᠨᠡ ᠤᠳᠠᠭ᠎ᠠ ᠶᠢᠨ ᠵᠥᠪᠯᠡᠯᠳᠡᠭᠦ ᠠᠭᠤᠯᠵᠠᠯᠲᠠ ᠪᠠᠷ ᠪᠢᠽᠢᠨ᠋᠋ᠧᠰ ᠡᠷᠬᠢᠯᠡᠭᠴᠢ ᠡᠮᠡᠭᠲᠡᠶᠢᠴᠦᠳ ᠦᠨ ᠡᠷᠬᠡ ᠠᠰᠢᠭ ᠢ ᠬᠠᠮᠠᠭᠠᠯᠠᠬᠤ᠂ ᠳᠡᠮᠵᠢᠬᠦ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠵᠤ ᠪᠤᠢ ᠲᠥᠷᠦ ᠶᠢᠨ ᠪᠤᠰᠤ ᠪᠠᠶᠢᠭᠤᠯᠤᠯᠭ᠎ᠠ ᠨᠤᠭᠤᠳ᠂ ᠮᠡᠷᠭᠡᠵᠢᠯ ᠦᠨ ᠬᠣᠯᠪᠣᠭᠠᠳ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠵᠦᠭ ᠡᠴᠡ ᠬᠡᠷᠡᠭᠵᠢᠭᠦᠯᠵᠦ ᠪᠤᠢ ᠠᠵᠢᠯ ᠤᠳ ᠢᠶᠠᠨ ᠲᠠᠨᠢᠯᠴᠠᠭᠤᠯᠵᠤ᠂ ᠬᠠᠮᠲᠤᠷᠠᠨ ᠠᠵᠢᠯᠯᠠᠬᠤ᠂ ᠬᠠᠷᠢᠯᠴᠠᠨ ᠤᠶᠠᠯᠳᠤᠭ᠎ᠠ ᠬᠣᠯᠪᠣᠭ᠎ᠠ ᠪᠠᠨ ᠰᠠᠶᠢᠵᠢᠷᠠᠭᠤᠯᠬᠤ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠣᠯᠢᠯᠴᠠᠯ᠎ᠠ᠃

ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ᠂ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠶᠠᠮᠤ᠂ ᠮᠣᠩ᠋ᠭᠣᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠶᠢᠨ ᠲᠠᠩᠬᠢᠮ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ᠵᠥᠪᠯᠡᠯᠳᠦᠬᠦ ᠠᠭᠤᠯᠵᠠᠯᠲᠠ ᠳᠤ ᠡᠮᠡᠭᠲᠡᠢ ᠪᠢᠽᠢᠨ᠋᠋ᠧᠰ ᠡᠷᠬᠢᠯᠡᠭᠴᠢᠳ᠂ ᠲᠥᠷᠥ ᠶᠢᠨ ᠪᠣᠯᠤᠨ ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ᠂ ᠮᠡᠷᠭᠡᠵᠢᠯ ᠦᠨ ᠬᠣᠯᠪᠣᠭᠠᠳ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠡᠴᠡ ᠪᠦᠷᠢᠳᠦᠭᠰᠡᠨ 100 ᠭᠠᠷᠤᠢ ᠬᠦᠮᠦᠨ ᠤᠷᠤᠯᠴᠠᠪᠠ᠃