ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨ᠋ᠸᠧᠨ᠋ᠼ ᠤᠨ ᠲᠠᠯ ᠤᠳ ᠤᠨ 15 ᠳ᠋ᠤᠭᠠᠷ ᠪᠠᠭ᠎ᠠ ᠬᠤᠷᠠᠯ ᠤᠨ ᠳᠡᠭᠡᠳᠦ ᠬᠡᠮᠵᠢᠶᠡᠨ ᠦ ᠠᠭᠤᠯᠵᠠᠯᠲᠠ ᠪᠦᠭᠦᠳᠡ ᠨᠠᠢᠢᠷᠠᠮᠳᠠᠬᠤ ᠺᠣᠲ᠋ ᠳ᠋ᠢᠸᠥᠠᠷ ᠤᠯᠤᠰ ᠤᠨ ᠠᠪᠢᠳ᠋ᠵᠠᠨ ᠬᠣᠲᠣᠨ ᠠ᠋ 5 ᠳ᠋ᠤᠭᠠᠷ ᠰᠠᠷ᠎ᠠ ᠢᠢᠨ 9-11 ᠍ ᠦ ᠡᠳᠦᠷ ᠦᠳ ᠲᠥ ᠪᠣᠯᠤᠯ᠎ᠠ᠃
ᠠᠭᠤᠯᠵᠠᠯᠲᠠ ᠳᠤ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠢᠢᠳ ᠪᠠ ∙ ᠪᠠᠲᠤ-ᠡᠷᠳᠡᠨᠢ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠠᠢᠢᠭᠠᠯᠢ ᠣᠷᠴᠢᠨ᠂ ᠨᠣᠭᠣᠭᠠᠨ ᠬᠥᠭ᠍ᠵᠢᠯ ᠦᠨ ᠪᠣᠳᠣᠯᠭ᠎ᠠ ᠢᠢᠨ ᠵᠥᠪᠯᠡᠬᠦ ᠨ ∙ ᠪᠠᠲᠤᠬᠦᠦ ᠲᠡᠷᠢᠭᠦᠲᠡᠢ ᠲᠥᠯᠥᠭᠡᠯᠡᠭᠴᠢᠳ ᠤᠷᠤᠯᠴᠠᠪᠠ᠃
ᠮᠣᠩ᠋ᠭᠣᠯ ᠤᠯᠤᠰ ᠤᠨ ᠲᠥᠯᠥᠭᠡᠯᠡᠭᠴᠢᠳ ᠪᠠᠭ᠎ᠠ ᠬᠤᠷᠠᠯ ᠤᠨ ᠳᠡᠭᠡᠳᠦ ᠬᠡᠮᠵᠢᠶᠡᠨ ᠦ ᠪᠣᠯᠤᠨ ᠰᠠᠢᠢᠳ ᠨᠠᠷ ᠤᠨ ᠳᠤᠭᠤᠢ ᠰᠢᠷᠡᠭᠡᠨ ᠦ ᠠᠭᠤᠯᠵᠠᠯᠲᠠ ᠳᠤ ᠣᠷᠣᠯᠴᠠᠵᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨ᠋ᠸᠧᠨ᠋ᠼ ᠤᠨ ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠢᠪᠷᠠᠾᠢᠮ ᠲᠢᠤ ᠪᠣᠯᠤᠨ ᠨᠠᠷᠢᠨ ᠪᠢᠴᠢᠭ᠌ ᠦᠨ ᠭᠠᠵᠠᠷ ᠤᠨ ᠲᠥᠯᠥᠭᠡᠯᠡᠯ ᠲᠡᠢ ᠠᠭᠤᠯᠵᠠᠪᠠ᠃
ᠡᠨᠡ ᠦᠶ᠎ᠡ ᠪᠡᠷ ᠮᠣᠩ᠋ᠭᠣᠯ ᠤᠯᠤᠰ ᠤᠨ ᠲᠥᠷᠥ ᠢᠢᠨ ᠲᠡᠷᠢᠭᠦᠨ ᠦ ᠮᠡᠨᠳᠦᠴᠢᠯᠡᠭᠡ ᠢᠢ ᠤᠯᠠᠮᠵᠢᠯᠠᠵᠤ᠂ ᠮᠣᠩ᠋ᠭᠣᠯ ᠤᠯᠤᠰ ᠠᠴᠠ ᠣᠯᠠᠨ ᠤᠯᠤᠰ ᠤᠨ ᠡᠮᠦᠨ᠎ᠡ ᠣᠢ ᠢᠢᠨ ᠬᠣᠮᠰᠠᠳᠠᠯ᠂ ᠳᠣᠷᠣᠢᠢᠲᠠᠯ ᠢ ᠪᠠᠭᠤᠷᠠᠭᠤᠯᠬᠤ᠂ ᠴᠥᠯᠵᠢᠯᠲᠡ᠂ ᠭᠠᠵᠠᠷ ᠤᠨ ᠳᠣᠷᠣᠢᠢᠲᠠᠯ ᠢ ᠪᠠᠭᠤᠷᠠᠭᠤᠯᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ ᠬᠦᠷᠢᠶᠡᠨ ᠳᠥ ᠠᠪᠤᠭᠰᠠᠨ ᠠᠮᠠᠯᠠᠯᠲᠠ ᠨᠤᠭᠤᠳ ᠤᠨ ᠬᠡᠷᠡᠭᠵᠢᠯᠲᠡ ᠢᠢ ᠲᠠᠨᠢᠯᠴᠠᠭᠤᠯᠤᠯ᠎ᠠ᠃
ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠢᠢᠨ ᠳᠠᠭᠠᠤ ᠮᠣᠩ᠋ᠭᠣᠯ ᠤᠯᠤᠰ ᠲᠤᠰ ᠺᠣᠨ᠋ᠸᠧᠨ᠋ᠼ ᠤᠨ 17 ᠳ᠋ᠤᠭᠠᠷ ᠪᠠᠭ᠎ᠠ ᠬᠤᠷᠠᠯ ᠢ ᠡᠬᠡ ᠣᠷᠣᠨ ᠳᠤ ᠪᠠᠨ ᠵᠣᠬᠢᠶᠠᠨ ᠪᠠᠢᠢᠭᠤᠯᠬᠤ ᠬᠦᠰᠡᠯᠲᠦ ᠪᠡᠨ ᠤᠯᠠᠮᠵᠢᠯᠠᠵᠤ᠂ ᠶᠠᠷᠢᠶ᠎ᠠ ᠬᠡᠯᠡᠯᠴᠡᠭᠡ ᠬᠢᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠢᠢᠨ ИБУИНХУ ᠍ ᠤᠨ ᠭᠯᠠᠽᠭᠤᠤ ᠬᠣᠲᠣᠨ ᠠ᠌ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢ ᠺᠣᠨ᠋ᠸᠧᠨ᠋ᠼ ᠤᠨ ᠲᠠᠯ ᠤᠳ ᠤᠨ 26 ᠳ᠋ᠤᠭᠠᠷ ᠪᠠᠭ᠎ᠠ ᠬᠤᠷᠠᠯ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠭᠰᠠᠨ ᠤ ᠮᠥᠷ ᠢᠶᠡᠷ ᠬᠢᠬᠦ ᠪᠡᠷ ᠲᠥᠯᠥᠪᠯᠡᠭᠰᠡᠨ ᠠᠵᠢᠯ ᠤᠳ᠂ ᠴᠥᠯᠵᠢᠯᠲᠡ᠂ ᠭᠠᠵᠠᠷ ᠤᠨ ᠳᠣᠷᠣᠢᠢᠲᠠᠯ᠂ ᠣᠢᠢᠵᠢᠭᠤᠯᠤᠯᠲᠠ᠂ ᠨᠥᠬᠥᠨ ᠰᠡᠷᠭᠦᠭᠡᠯᠲᠡ ᠢᠢᠨ ᠲᠠᠯ᠎ᠠ ᠪᠠᠷ ᠣᠯᠠᠨ ᠲᠠᠯᠠᠲᠤ ᠠᠭᠤᠯᠵᠠᠯᠲᠠ ᠬᠢᠪᠡ᠃
ᠪᠠᠭ᠎ᠠ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ ᠺᠣᠨ᠋ᠸᠧᠨ᠋ᠼ ᠳᠤ ᠨᠢᠭᠡᠳᠦᠭᠰᠡᠨ ᠤᠯᠤᠰ ᠤᠳ ᠤᠨ ᠵᠠᠰᠠᠭ ᠤᠨ ᠭᠠᠵᠠᠷ ᠤᠳ ᠮᠣᠩ᠋ᠭᠣᠯ ᠤᠯᠤᠰ ᠤᠨ ᠭᠠᠷᠭᠠᠵᠤ ᠪᠤᠢ ᠮᠠᠩᠯᠠᠢᠢᠯᠠᠯ᠂ ᠢᠳᠡᠪᠬᠢ ᠴᠢᠷᠮᠠᠢᠢᠯᠲᠠ ᠢᠢ ᠪᠠᠲᠤᠳᠬᠠᠨ᠂ ᠲᠣᠭᠲᠠᠪᠤᠷᠢᠲᠠᠢ ᠬᠥᠭ᠍ᠵᠢᠯ ᠦᠨ ᠦᠨᠳᠦᠰᠦᠨ ᠲᠤᠯᠭᠠᠭᠤᠷᠢ ᠪᠣᠯᠬᠤ ᠪᠠᠢᠢᠭᠠᠯᠢ ᠣᠷᠴᠢᠨ ᠤ ᠠᠰᠠᠭᠤᠳᠠᠯ ᠤᠳ ᠢᠶᠠᠷ ᠠᠵᠢᠯᠯᠠᠵᠤ ᠢᠷᠡᠭᠰᠡᠨ ᠨᠡᠷ᠎ᠡ ᠬᠦᠨᠳᠦ ᠢᠢ ᠣᠨᠴᠠᠭᠠᠢᠢᠯᠠᠨ ᠬᠦᠨᠳᠦᠳᠭᠡᠵᠦ᠂ ᠺᠣᠨ᠋ᠸᠧᠨ᠋ᠼ ᠤᠨ ᠲᠠᠯ ᠤᠳ ᠤᠨ 17 ᠳ᠋ᠤᠭᠠᠷ ᠪᠠᠭ᠎ᠠ ᠬᠤᠷᠠᠯ (ᠺᠤᠫ 17) ᠍ ᠢ 2026 ᠣᠨ ᠳᠤ ᠮᠣᠩ᠋ᠭᠣᠯ ᠤᠯᠤᠰ ᠵᠣᠬᠢᠶᠠᠨ ᠪᠠᠢᠢᠭᠤᠯᠬᠤ ᠢᠢ ᠳᠡᠮᠵᠢᠨ ᠪᠠᠲᠤᠯᠠᠪᠠ᠃
ᠡᠨᠡ ᠤᠳᠠᠭ᠎ᠠ ᠢᠢᠨ ᠪᠠᠭ᠎ᠠ ᠬᠤᠷᠠᠯ ᠳᠤ ᠺᠣᠨ᠋ᠸᠧᠨ᠋ᠼ ᠳᠤ ᠨᠢᠭᠡᠳᠦᠨ ᠣᠷᠣᠭᠰᠠᠨ ᠳᠡᠯᠡᠬᠡᠢ ᠢᠢᠨ 196 ᠣᠷᠣᠨ ᠠᠴᠠ 189 ᠣᠷᠣᠨ ᠤ ᠶᠡᠷᠦᠩᠬᠡᠢᠢᠯᠡᠭᠴᠢ᠂ ᠶᠡᠷᠦᠩᠬᠡᠢ ᠰᠠᠢᠢᠳ᠂ ᠪᠠᠢᠢᠭᠠᠯᠢ ᠣᠷᠴᠢᠨ ᠤ ᠰᠠᠢᠢᠳ᠂ ᠳᠡᠳ᠋ ᠰᠠᠢᠢᠳ ᠲᠡᠷᠢᠭᠦᠲᠡᠢ 7᠂000 ᠣᠷᠴᠢᠮ ᠲᠥᠯᠥᠭᠡᠯᠡᠯ ᠣᠷᠣᠯᠴᠠᠵᠠᠢ᠃
ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨ᠋ᠸᠧᠨ᠋ᠼ ᠤᠨ ᠲᠠᠯ ᠤᠳ ᠤᠨ ᠪᠠᠭ᠎ᠠ ᠬᠤᠷᠠᠯ ᠢ ᠬᠣᠶᠠᠷ ᠵᠢᠯ ᠲᠤᠲᠤᠮ ᠵᠣᠬᠢᠶᠠᠨ ᠪᠠᠢᠢᠭᠤᠯᠳᠠᠭ᠃ ᠡᠨᠡ ᠬᠦᠷᠢᠶᠡᠨ ᠳᠥ ᠺᠣᠨ᠋ᠸᠧᠨ᠋ᠼ ᠤᠨ ᠬᠡᠷᠡᠭᠵᠢᠯᠲᠡ ᠢᠢᠨ ᠶᠠᠪᠤᠴᠠ ᠢᠢᠨ ᠲᠠᠢᠢᠯᠠᠩ᠋ ᠤᠳ ᠪᠣᠯᠤᠨ ᠪᠣᠳᠣᠯᠭ᠎ᠠ ᠢᠢᠨ ᠰᠢᠢᠳᠪᠦᠷᠢ ᠨᠦᠭᠦᠳ ᠢ ᠪᠠᠲᠤᠯᠠᠨ᠂ ᠺᠣᠨ᠋ᠸᠧᠨ᠋ᠼ ᠳᠤ ᠨᠢᠭᠡᠳᠦᠭᠰᠡᠨ ᠤᠯᠤᠰ ᠣᠷᠣᠨ ᠨᠤᠭᠤᠳ ᠲᠤ ᠲᠣᠳᠣᠷᠬᠠᠢ ᠴᠢᠭᠯᠡᠯ ᠦᠳ ᠢᠶᠡᠷ ᠬᠢᠬᠦ ᠠᠵᠢᠯ᠂ ᠡᠭᠦᠷᠭᠡ ᠢᠢ ᠬᠦᠯᠢᠶᠡᠯᠭᠡᠳᠡᠭ ᠶᠤᠮ᠃
ᠲᠠᠯ ᠤᠳ ᠤᠨ ᠪᠠᠭ᠎ᠠ ᠬᠤᠷᠠᠯ ᠤᠳ᠄
ᠺᠤᠫ 1᠄ 1997 ᠣᠨ ᠳᠤ ᠢᠲ᠋ᠠᠯᠢ ᠤᠯᠤᠰ ᠤᠨ ᠷᠣᠮ ᠬᠣᠲᠠ᠂
ᠺᠤᠫ 2᠄ 1998 ᠣᠨ ᠳᠤ ᠪᠦᠭᠦᠳᠡ ᠨᠠᠢᠢᠷᠠᠮᠳᠠᠬᠤ ᠰᠧᠨ᠋ᠸᠾᠠᠯ ᠤᠯᠤᠰ ᠤᠨ ᠋ᠳ᠋ᠠᠺᠠᠷ ᠬᠣᠲᠠ᠂
ᠺᠤᠫ 3᠄ 1999 ᠣᠨ ᠳᠤ ᠬᠣᠯᠪᠣᠭᠠᠨ ᠤ ᠪᠦᠭᠦᠳᠡ ᠨᠠᠢᠢᠷᠠᠮᠳᠠᠬᠤ ᠪᠷᠠᠽᠢᠯ ᠤᠯᠤᠰ ᠤᠨ ᠷᠧᠰᠢᠹᠧ ᠬᠣᠲᠠ᠂
ᠺᠤᠫ 4᠄ 2000 ᠣᠨ ᠳᠤ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠪᠣᠨᠨ᠋᠋᠋ ᠬᠣᠲᠠ᠂
ᠺᠤᠫ 5᠄ 2001 ᠣᠨ ᠳᠤ ᠱᠸᠧᠢᠼᠢᠷ ᠤᠨ ᠬᠣᠯᠪᠣᠭᠠᠨ ᠤ ᠤᠯᠤᠰ ᠤᠨ ᠵᠧᠨᠧᠸ ᠬᠣᠲᠠ᠂
ᠺᠤᠫ 6᠄ 2003 ᠣᠨ ᠳᠤ ᠪᠦᠭᠦᠳᠡ ᠨᠠᠢᠢᠷᠠᠮᠳᠠᠬᠤ ᠺᠦᠪᠠ ᠤᠯᠤᠰ ᠤᠨ ᠬᠠᠪᠠᠨᠠ ᠬᠣᠲᠠ᠂
ᠺᠤᠫ 7᠄ 2005 ᠣᠨ ᠳᠤ ᠪᠦᠭᠦᠳᠡ ᠨᠠᠢᠢᠷᠠᠮᠳᠠᠬᠤ ᠺᠧᠨᠢ ᠤᠯᠤᠰ ᠤᠨ ᠨᠠᠢᠢᠷᠣᠪᠢ ᠬᠣᠲᠠ᠂
ᠺᠤᠫ 8᠄ 2007 ᠣᠨ ᠳᠤ ᠢᠰᠫᠠᠨᠢ ᠢᠢᠨ ᠬᠠᠭᠠᠨᠲᠤ ᠤᠯᠤᠰ ᠤᠨ ᠮᠠᠳ᠋ᠷᠢᠳ᠋ ᠬᠣᠲᠠ᠂
ᠺᠤᠫ 9᠄ 2009 ᠣᠨ ᠳᠤ ᠪᠦᠭᠦᠳᠡ ᠨᠠᠢᠢᠷᠠᠮᠳᠠᠬᠤ ᠠᠷᠭᠧᠨ᠋ᠲ᠋ᠢᠨ ᠤᠯᠤᠰ ᠤᠨ ᠪᠤᠢᠨᠣᠰ-ᠠᠶᠤᠷᠧᠰ ᠬᠣᠲᠠ᠂
ᠺᠤᠫ 10᠄ 2011 ᠣᠨ ᠳᠤ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠴᠠᠨᠭ᠍ᠪᠤᠨ ᠬᠣᠲᠠ᠂
ᠺᠤᠫ 11᠄ 2013 ᠣᠨ ᠳᠤ ᠪᠦᠭᠦᠳᠡ ᠨᠠᠢᠢᠷᠠᠮᠳᠠᠬᠤ ᠨᠠᠮᠢᠪᠢ ᠤᠯᠤᠰ ᠤᠨ ᠸᠢᠨᠳ᠋ᠬᠤᠺ ᠬᠣᠲᠠ᠂
ᠺᠤᠫ 12᠄ 2015 ᠣᠨ ᠳᠤ ᠪᠦᠭᠦᠳᠡ ᠨᠠᠢᠢᠷᠠᠮᠳᠠᠬᠤ ᠲᠦᠺ ᠤᠯᠤᠰ ᠤᠨ ᠠᠨᠺᠠᠷᠠ ᠬᠣᠲᠠ᠂
ᠺᠤᠫ 13᠄ 2017 ᠣᠨ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠣᠷᠳᠣᠰ ᠬᠣᠲᠠ᠂
ᠺᠤᠫ 14᠄ 2019 ᠣᠨ ᠳᠤ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠰᠢᠨ᠎ᠡ ᠳ᠋ᠧᠯᠢ ᠬᠣᠲᠠ᠂
ᠺᠤᠫ 15᠄ 2022 ᠣᠨ ᠳᠤ ᠪᠦᠭᠦᠳᠡ ᠨᠠᠢᠢᠷᠠᠮᠳᠠᠬᠤ ᠺᠣᠲ᠋ ᠳ᠋ᠢᠸᠥᠠᠷ ᠤᠯᠤᠰ ᠤᠨ ᠠᠪᠢᠳ᠋ᠵᠠᠨ ᠬᠣᠲᠠ ᠳ᠋ᠤ ᠪᠣᠯᠤᠭᠰᠠᠨ᠃
ᠺᠤᠫ 16᠄ 2024 ᠣᠨ ᠳᠤ ᠰᠠᠤᠳ᠋ ᠤᠨ ᠠᠷᠠᠪ ᠤᠨ ᠬᠠᠭᠠᠨᠲᠤ ᠤᠯᠤᠰ ᠤᠨ ᠷᠢᠶᠠᠳ᠋ ᠬᠣᠲᠠ᠂
ᠺᠤᠫ 17᠄ 2026 ᠣᠨ ᠳᠤ ᠮᠣᠩ᠋ᠭᠣᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠᠨ ᠢᠶᠠᠨ ᠪᠣᠯᠤᠨ᠎ᠠ᠃