Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠡᠬᠡ ᠬᠡᠯᠡ ᠪᠡᠨ ᠡᠷᠬᠢᠮᠯᠡᠨ ᠳᠡᠭᠡᠳᠦᠯᠡᠵᠦ᠂ ᠴᠠᠭ ᠦᠶ᠎ᠡ ᠢᠢᠨ ᠢᠶᠡᠨ ᠮᠡᠳᠡᠯᠭᠡ ᠣᠶᠤᠨ ᠢ ᠰᠢᠩ᠋ᠭᠡᠭᠡᠨ ᠪᠠᠶᠠᠵᠢᠭᠤᠯᠵᠤ᠂ ᠢᠷᠡᠭᠡᠳᠦᠢ ᠬᠣᠢᠢᠴᠢ ᠳᠤ ᠪᠠᠨ ᠥᠪᠯᠡᠭᠦᠯᠬᠦ ᠨᠢ ᠮᠣᠩ᠋ᠭᠣᠯ ᠬᠦᠮᠦᠨ ᠪᠦᠷᠢ ᠢᠢᠨ ᠡᠭᠦᠷᠭᠡ

ᠮᠣᠩ᠋ᠭᠣᠯ ᠤᠯᠤᠰ ᠤᠨ ᠶᠡᠬᠡ ᠰᠤᠷᠭᠠᠭᠤᠯᠢ᠂ ᠮᠣᠩ᠋ᠭᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ ᠤ ᠠᠺᠠᠳᠧᠮᠢ ᠢᠢᠨ 40 ᠭᠠᠷᠤᠢ ᠡᠷᠳᠡᠮᠲᠡᠨ ᠦ ᠬᠠᠮᠲᠤᠷᠠᠨ ᠵᠣᠬᠢᠶᠠᠭᠰᠠᠨ 《ᠮᠣᠩ᠋ᠭᠣᠯ ᠬᠡᠯᠡ ᠰᠤᠳᠤᠯᠤᠯ》 15 ᠪᠣᠲᠢ ᠨᠣᠮ ᠤᠨ ᠨᠡᠭᠡᠭᠡᠯᠲᠡ ᠥᠨᠥᠳᠥᠷ ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠡᠷᠳᠡᠮ ᠦᠨ ᠲᠠᠩᠬᠢᠮ ᠳᠤ ᠪᠣᠯᠤᠯ᠎ᠠ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠠ᠎ᠠ ᠢᠢᠨ ᠬᠦᠷᠡᠯᠰᠦ᠋ᠬᠡ ᠨᠡᠭᠡᠭᠡᠯᠲᠡ ᠢᠢᠨ ᠶᠣᠰᠣᠯᠠᠯ ᠳᠤ ᠣᠷᠣᠯᠴᠠᠵᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠦᠭᠡᠨ ᠳᠥ ᠪᠡᠨ᠂ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠳᠤ 《ᠦᠨᠳᠦᠰᠦᠨ ᠦ ᠲᠡᠦᠬᠡ᠂ ᠬᠡᠯᠡ᠂ ᠰᠣᠶᠣᠯ᠂ ᠥᠪ ᠤᠯᠠᠮᠵᠢᠯᠠᠯ᠂ ᠵᠠᠩ ᠵᠠᠩᠰᠢᠯ ᠢᠶᠠᠨ ᠬᠠᠳᠠᠭᠠᠯᠠᠵᠤ᠂ ᠬᠠᠮᠠᠭᠠᠯᠠᠵᠤ ᠬᠥᠭ᠍ᠵᠢᠭᠦᠯᠬᠦ ᠨᠢ ᠮᠣᠩ᠋ᠭᠣᠯ ᠦᠨᠳᠦᠰᠦᠲᠡᠨ ᠦ ᠣᠷᠣᠰᠢᠨ ᠲᠣᠭᠲᠠᠨᠢᠬᠤ ᠢᠢᠨ ᠦᠨᠳᠦᠰᠦ᠂ ᠠᠮᠢᠨ ᠴᠢᠬᠤᠯᠠ ᠳᠠᠷᠬᠠᠯᠠᠭ᠎ᠠ》 ᠭᠡᠵᠦ ᠵᠢᠭᠠᠭᠰᠠᠨ ᠪᠠᠢᠢᠳᠠᠭ ᠢ ᠲᠡᠮᠳᠡᠭᠯᠡᠪᠡ᠃

ᠡᠳᠦᠭᠡ ᠳᠡᠯᠡᠬᠡᠢ ᠳ᠋ᠠᠬᠢᠨ ᠳᠤ 10 ᠰᠠᠶ᠎ᠠ ᠭᠠᠷᠤᠢ ᠬᠦᠮᠦᠨ ᠮᠣᠩ᠋ᠭᠣᠯ ᠬᠡᠯᠡ ᠪᠡᠷ ᠬᠠᠷᠢᠯᠴᠠᠵᠤ ᠪᠠᠢᠢᠭ᠎ᠠ ᠲᠤᠬᠠᠢ ᠲᠣᠭᠠᠴᠠᠭ᠎ᠠ᠂ ᠰᠤᠳᠤᠯᠭ᠎ᠠ ᠪᠤᠢ᠃ ᠡᠢᠢᠮᠦ ᠳᠥ ᠮᠣᠩ᠋ᠭᠣᠯ ᠬᠦᠮᠦᠨ ᠪᠦᠷᠢ ᠡᠬᠡ ᠬᠡᠯᠡ ᠪᠡᠨ ᠡᠷᠬᠢᠮᠯᠡᠨ ᠳᠡᠭᠡᠳᠦᠯᠡᠵᠦ᠂ ᠨᠠᠨᠳᠢᠩᠨᠠᠨ ᠪᠠᠬᠠᠷᠬᠠᠵᠤ᠂ ᠴᠠᠭ ᠦᠶ᠎ᠡ ᠢᠢᠨ ᠢᠶᠡᠨ ᠮᠡᠳᠡᠯᠭᠡ ᠣᠶᠤᠨ ᠢ ᠰᠢᠩ᠋ᠭᠡᠭᠡᠨ ᠪᠠᠶᠠᠵᠢᠭᠤᠯᠵᠤ᠂ ᠢᠷᠡᠭᠡᠳᠦᠢ ᠬᠣᠢᠢᠴᠢ ᠳᠤ ᠪᠠᠨ ᠥᠪᠯᠡᠭᠦᠯᠦᠨ ᠵᠠᠯᠭᠠᠮᠵᠢᠯᠠᠭᠤᠯᠬᠤ ᠡᠷᠬᠢᠮ ᠡᠭᠦᠷᠭᠡᠲᠡᠢ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠣᠨᠴᠠᠯᠠᠯ᠎ᠠ᠃

ᠮᠣᠩ᠋ᠭᠣᠯ ᠬᠡᠯᠡ ᠰᠢᠨᠵᠢᠯᠡᠯ᠂ ᠮᠣᠩ᠋ᠭᠣᠯ ᠬᠡᠯᠡᠨ ᠦ ᠲᠡᠦᠬᠡ ᠡᠴᠡ ᠡᠬᠢᠯᠡᠭᠡᠳ ᠬᠡᠯᠡᠨ ᠦ ᠲᠦᠪᠰᠢᠨ ᠪᠦᠷᠢ ᠢᠢᠨ ᠲᠣᠭᠲᠠᠯᠴᠠᠭ᠎ᠠ᠂ ᠦᠰᠦᠭ ᠪᠢᠴᠢᠭ᠌᠂ ᠨᠤᠲᠤᠭ ᠤᠨ ᠠᠶᠠᠯᠭᠤᠨ ᠤ ᠣᠨᠴᠠᠯᠢᠭ ᠢ ᠲᠣᠳᠣᠷᠠᠭᠤᠯᠵᠤ᠂ ᠬᠡᠯᠡ ᠰᠢᠨᠵᠢᠯᠡᠯ ᠦᠨ ᠣᠷᠴᠢᠨ ᠦᠶ᠎ᠡ ᠢᠢᠨ ᠴᠢᠭ᠌ ᠬᠠᠨᠳᠤᠯᠭ᠎ᠠ ᠢᠢᠨ ᠡᠭᠦᠳᠡᠨ ᠡᠴᠡ ᠨᠡᠭᠡᠭᠡᠨ ᠲᠠᠢᠢᠯᠪᠤᠷᠢᠯᠠᠭᠰᠠᠨ ᠡᠨᠡᠬᠦ 15 ᠪᠣᠲᠢ ᠪᠦᠲᠦᠭᠡᠯ ᠢ ᠪᠢᠴᠢᠵᠦ ᠲᠤᠭᠤᠷᠪᠢᠨ᠂ ᠰᠢᠨᠵᠢᠯᠡᠬᠦ ᠤᠬᠠᠭᠠᠨ ᠳᠤ ᠦᠨᠡᠲᠡᠢ ᠬᠤᠪᠢ ᠨᠡᠮᠡᠷᠢ ᠣᠷᠣᠭᠤᠯᠤᠭᠰᠠᠨ ᠡᠷᠳᠡᠮᠲᠡᠨ᠂ ᠰᠤᠳᠤᠯᠤᠭᠠᠴᠢᠳ ᠤᠨ ᠪᠠᠭ ᠲᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠠᠯᠠᠷᠬᠠᠯ ᠢᠯᠡᠷᠬᠡᠢᠢᠯᠡᠪᠡ᠃

ᠮᠣᠩ᠋ᠭᠣᠯ ᠬᠡᠯᠡ ᠢᠢ ᠰᠢᠨᠵᠢᠯᠡᠨ ᠰᠤᠳᠤᠯᠬᠤ ᠠᠵᠢᠯ ᠴᠢᠨᠠᠭᠰᠢᠳᠠ ᠤᠯᠠᠮ ᠪᠦᠷ ᠨᠠᠷᠢᠰᠤᠨ ᠬᠥᠭ᠍ᠵᠢᠵᠦ᠂ ᠬᠡᠯᠡ ᠰᠢᠨᠵᠢᠯᠡᠯ ᠦᠨ ᠡᠷᠳᠡᠮᠲᠡᠨ᠂ ᠰᠤᠳᠤᠯᠤᠭᠠᠴᠢᠳ ᠣᠯᠠᠨ ᠵᠠᠭᠤᠨ ᠰᠢᠯᠢᠳᠡᠭ ᠪᠦᠲᠦᠭᠡᠯ ᠲᠤᠭᠤᠷᠪᠢᠨ᠎ᠠ ᠭᠡᠳᠡᠭ ᠲᠥ ᠢᠲᠡᠭᠡᠵᠦ ᠪᠠᠢᠢᠭ᠎ᠠ ᠪᠠᠨ ᠬᠡᠯᠡᠯ᠎ᠡ᠃
《ᠮᠣᠩ᠋ᠭᠣᠯ ᠬᠡᠯᠡ ᠰᠤᠳᠤᠯᠤᠯ》 15 ᠪᠣᠲᠢ ᠨᠢ ᠬᠡᠯᠡ ᠰᠢᠨᠵᠢᠯᠡᠯ ᠦᠨ ᠨᠡᠢᠢᠲᠡᠯᠢᠭ ᠣᠨᠣᠯ᠂ ᠣᠷᠴᠢᠨ ᠦᠶ᠎ᠡ ᠢᠢᠨ ᠠᠷᠭ᠎ᠠ ᠵᠦᠢ ᠢᠢᠨ ᠡᠭᠦᠳᠡᠨ ᠡᠴᠡ ᠡᠬᠡ ᠬᠡᠯᠡᠨ ᠦ ᠪᠡᠨ ᠪᠦᠲᠦᠴᠡ᠂ ᠲᠣᠭᠲᠠᠯᠴᠠᠭ᠎ᠠ ᠢᠢ ᠲᠣᠳᠣᠷᠠᠭᠤᠯᠤᠨ ᠭᠠᠷᠭᠠᠭᠰᠠᠨ ᠴᠣᠭᠴᠠ ᠰᠤᠳᠤᠯᠭ᠎ᠠ᠂ ᠮᠣᠩ᠋ᠭᠣᠯ ᠬᠡᠯᠡ ᠰᠢᠨᠵᠢᠯᠡᠯ ᠦᠨ ᠰᠠᠯᠪᠤᠷᠢ ᠳᠤ ᠠᠩᠬ᠎ᠠ ᠤᠳᠠᠭ᠎ᠠ ᠭᠠᠷᠴᠤ ᠪᠤᠢ ᠪᠦᠷᠢᠨ ᠬᠡᠯᠡ ᠵᠦᠢ ᠢᠢᠨ ᠪᠦᠲᠦᠭᠡᠯ ᠶᠤᠮ᠃

ᠨᠣᠮ ᠤᠨ ᠨᠡᠭᠡᠭᠡᠯᠲᠡ ᠳᠥ ᠬᠡᠯᠡ᠂ ᠰᠤᠶᠤᠯ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠲᠥᠯᠥᠭᠡᠯᠡᠯ ᠣᠷᠣᠯᠴᠠᠯ᠎ᠠ᠃