Та "Internet explorer"-ийн сүүлийн хувилбар болох "Microsoft edge"-г ашиглана уу

Хэрэв "Microsoft edge"-г татах бол энд дарж татаж авна уу

ᠡᠷᠬᠢᠯᠡᠭᠰᠡᠨ ᠠᠵᠢᠯ ᠳᠤ ᠪᠠᠨ ᠠᠮᠵᠢᠯᠲᠠ ᠭᠠᠷᠭᠠᠭᠰᠠᠨ ᠠᠯᠪᠠ ᠬᠠᠭᠠᠭᠴᠢᠳ ᠢ ᠲᠥᠷᠥ ᠶᠢᠨ ᠣᠳᠣᠨ᠂ ᠮᠧᠳᠠᠯ ᠢᠶᠠᠷ ᠱᠠᠩᠨᠠᠯ ᠠ

ᠮᠣᠩ᠋ᠭᠣᠯ ᠴᠡᠷᠢᠭ ᠡᠩᠬᠡ ᠶᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠶᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ ᠠ᠋ ᠶᠢᠨ ᠬᠦᠷᠡᠯᠰᠦ᠋ᠬᠡ ᠵᠠᠷᠯᠢᠭ ᠭᠠᠷᠭᠠᠨ ᠡᠷᠬᠢᠯᠡᠭᠰᠡᠨ ᠠᠵᠢᠯ ᠳᠤ ᠪᠠᠨ ᠠᠮᠵᠢᠯᠲᠠ ᠭᠠᠷᠭᠠᠭᠰᠠᠨ᠂ ᠡᠩᠬᠡ ᠶᠢ ᠰᠠᠬᠢᠭᠤᠯᠬᠤ ᠪᠣᠯᠤᠨ ᠬᠦᠮᠦᠨᠯᠢᠭ ᠦᠨ ᠠᠵᠢᠯᠯᠠᠭᠠᠨ ᠳᠤ ᠣᠷᠣᠯᠴᠠᠭᠰᠠᠨ ᠠᠯᠪᠠ ᠬᠠᠭᠠᠭᠴᠢᠳ ᠢ ᠲᠥᠷᠥ ᠶᠢᠨ ᠣᠳᠣᠨ᠂ ᠮᠧᠳᠠᠯ ᠢᠶᠠᠷ ᠱᠠᠩᠨᠠᠯ ᠠ ᠃

ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ᠄
ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠠᠬᠠᠮᠠᠳ ᠤᠨ ᠬᠣᠷᠢᠶᠠᠨ ᠤ ᠭᠡᠰᠢᠭᠦᠨ᠂ ᠬᠤᠷᠠᠨᠳᠠ ᠵᠠᠮᠰᠠᠷᠠᠨᠵᠠᠪ ᠤᠨ ᠸᠠᠩᠴᠢᠨᠰᠦ᠋ᠷᠦᠩ;
ᠲᠠᠩᠨᠠᠭᠤᠯ ᠤᠨ ᠶᠡᠷᠦᠩᠬᠡᠢ ᠭᠠᠵᠠᠷ ᠤᠨ ᠴᠡᠷᠢᠭ ᠦᠨ ᠲᠠᠩᠨᠠᠭᠤᠯ ᠤᠨ ᠭᠠᠵᠠᠷ ᠤᠨ ᠠᠬᠠᠮᠠᠳ ᠠᠵᠢᠯᠲᠠᠨ᠂ ᠪᠡᠯᠡᠳᠬᠡᠯ ᠬᠤᠷᠠᠨᠳᠠ ᠪᠠᠶᠠᠭᠤᠰ ᠤᠨ ᠡᠷᠬᠢᠮᠪᠠᠶᠠᠷ;
ᠴᠡᠷᠢᠭ ᠦᠨ ᠭᠠᠪᠢᠶᠠᠨ ᠤ ᠣᠳᠣᠨ ᠢᠶᠠᠷ᠄
ᠰᠢᠭᠦᠬᠦ ᠶᠢᠨ ᠰᠢᠢᠳᠪᠦᠷᠢ ᠭᠦᠢᠴᠡᠳᠭᠡᠬᠦ ᠶᠡᠷᠦᠩᠬᠡᠢ ᠭᠠᠵᠠᠷ ᠤᠨ ᠬᠠᠤᠯᠢ ᠲᠣᠭᠲᠠᠭᠠᠮᠵᠢ᠂ ᠳᠣᠲᠣᠭᠠᠳᠤ ᠠᠵᠢᠯ ᠤᠨ ᠬᠡᠯᠲᠡᠰ ᠦᠨ ᠳᠠᠷᠤᠭ᠎ᠠ᠂ ᠳᠡᠳ᠋ ᠬᠤᠷᠠᠨᠳᠠ ᠡᠨᠢᠪᠢᠰᠢ ᠶᠢᠨ ᠪᠠᠳᠠᠮᠰᠠᠮᠪᠤᠤ;
ᠲᠥᠪ ᠠᠶᠢᠮᠠᠭ ᠳᠠᠬᠢ ᠰᠢᠭᠦᠬᠦ ᠶᠢᠨ ᠰᠢᠢᠳᠪᠦᠷᠢ ᠭᠦᠢᠴᠡᠳᠭᠡᠬᠦ ᠭᠠᠵᠠᠷ ᠤᠨ ᠳᠠᠷᠤᠭ᠎ᠠ᠂ ᠬᠤᠷᠠᠨᠳᠠ ᠰᠤᠮᠢᠶ᠎ᠠ ᠶᠢᠨ ᠥᠯᠵᠡᠶᠢᠪᠠᠲᠤ;
ᠬᠢᠯᠢ ᠶᠢᠨ ᠴᠡᠷᠢᠭ ᠦᠨ 0287 ᠳ᠋ᠤᠭᠠᠷ ᠠᠩᠬᠢ ᠶᠢᠨ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠲᠠᠰᠤᠭ ᠤᠨ ᠳᠠᠷᠤᠭ᠎ᠠ᠂ ᠳᠡᠳ᠋ ᠬᠤᠷᠠᠨᠳᠠ ᠳᠤᠸᠠ᠎ ᠶᠢᠨ ᠪᠠᠶᠠᠷᠵᠢᠪᠬᠤᠯᠠᠩ;
ᠬᠡᠨᠲᠡᠢ ᠠᠶᠢᠮᠠᠭ ᠤᠨ ᠣᠨᠤᠴᠤᠠᠭᠠᠢ ᠪᠠᠶᠢᠳᠠᠯ ᠤᠨ ᠭᠠᠵᠠᠷ ᠤᠨ ᠪᠠᠶᠠᠨ-ᠠᠳᠠᠷᠭ᠎ᠠ ᠰᠤᠮᠤ ᠳᠠᠬᠢ ᠡᠷᠢᠨ ᠬᠠᠶᠢᠬᠤ᠂ ᠠᠪᠤᠷᠠᠬᠤ ᠰᠠᠯᠪᠤᠷᠢ ᠶᠢᠨ ᠪᠦᠯᠦᠭ ᠦᠨ ᠳᠠᠷᠤᠭ᠎ᠠ᠂ ᠠᠪᠤᠷᠠᠬᠤ ᠠᠵᠢᠯᠯᠠᠭᠠᠨ ᠤ ᠵᠢᠭᠠᠪᠤᠷᠢᠯᠠᠭᠴᠢ᠂ ᠳᠡᠰᠯᠡᠭᠴᠢ ᠰᠣᠨᠢᠨ-ᠠᠯᠳᠠᠷ ᠤᠨ ᠮᠥᠩᠬᠡᠰᠦᠬᠡ;
ᠲᠠᠩᠨᠠᠭᠤᠯ ᠤᠨ ᠶᠡᠷᠦᠩᠬᠡᠢ ᠭᠠᠵᠠᠷ ᠤᠨ ᠴᠡᠷᠢᠭ ᠦᠨ ᠲᠠᠩᠨᠠᠭᠤᠯ ᠤᠨ ᠭᠠᠵᠠᠷ ᠤᠨ ᠪᠡᠯᠡᠳᠬᠡᠯ ᠳᠡᠳ᠋ ᠬᠤᠷᠠᠨᠳᠠ ᠭᠠᠩᠪᠠᠭᠠᠲᠤᠷ ᠤᠨ ᠰᠤᠭᠠᠷ᠎;
ᠠᠯᠲᠠᠨ ᠭᠠᠳᠠᠰᠤ ᠣᠳᠣᠨ ᠢᠶᠠᠷ᠄
ᠪᠦᠭᠦᠳᠡ ᠨᠠᠶᠢᠷᠠᠮᠳᠠᠬᠤ ᠡᠮᠦᠨᠡᠲᠦ ᠰᠤᠳᠠᠨ ᠤᠯᠤᠰ ᠳᠠᠬᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠲᠥᠪ ᠱᠲ᠋ᠠᠪ ᠤᠨ ᠠᠶᠤᠯ ᠦᠭᠡᠢ ᠪᠠᠶᠢᠳᠠᠯ᠂ ᠬᠠᠷᠠᠭᠤᠯ ᠬᠠᠮᠠᠭᠠᠯᠠᠯᠲᠠ ᠶᠢᠨ ᠠᠰᠠᠭᠤᠳᠠᠯ ᠬᠠᠷᠢᠭᠤᠴᠠᠭᠰᠠᠨ ᠭᠠᠵᠠᠷ ᠤᠨ ᠠᠵᠢᠯᠲᠠᠨ ᠬᠡᠰᠢᠭᠲᠦ ᠶᠢᠨ ᠪᠣᠯᠣᠷ;
ᠴᠡᠷᠢᠭ ᠦᠨ ᠮᠧᠳᠠᠯ ᠢᠶᠠᠷ᠄
ᠲᠥᠷᠥ ᠶᠢᠨ ᠲᠤᠰᠬᠠᠢ ᠠᠯᠪᠠᠨ ᠬᠠᠭᠠᠭᠴᠢᠳ ᠤᠨ ᠨᠢᠭᠡᠳᠦᠭᠰᠡᠨ ᠡᠮᠨᠡᠯᠭᠡ ᠶᠢᠨ ᠴᠡᠷᠢᠭ ᠦᠨ ᠠᠯᠪᠠᠨ ᠤ ᠰᠤᠷᠭᠠᠯᠲᠠ᠂ ᠪᠡᠯᠡᠨ ᠪᠠᠶᠢᠳᠠᠯ ᠬᠠᠷᠢᠭᠤᠴᠠᠭᠰᠠᠨ ᠣᠹᠢᠼᠧᠷ᠂ ᠳᠡᠳ᠋ ᠬᠤᠷᠠᠨᠳᠠ ᠶᠢᠰᠧᠢᠨ ᠪᠧᠷᠢᠺᠠᠵᠠᠨ;
ᠬᠢᠯᠢ ᠶᠢᠨ ᠴᠡᠷᠢᠭ ᠦᠨ 0165 ᠳ᠋ᠤᠭᠠᠷ ᠠᠩᠬᠢ ᠶᠢᠨ ᠵᠠᠬᠢᠷᠤᠭᠴᠢ ᠶᠢᠨ ᠨᠢᠭᠡᠳᠦᠭᠡᠷ ᠣᠷᠣᠯᠠᠭᠴᠢ᠂ ᠱᠲ᠋ᠠᠪ ᠤᠨ ᠳᠠᠷᠤᠭ᠎ᠠ᠂ ᠳᠡᠳ᠋ ᠬᠤᠷᠠᠨᠳᠠ ᠴᠢᠨᠠᠨᠪᠠᠭᠠᠲᠤᠷ ᠤᠨ ᠮᠢᠭᠮᠠᠷᠰᠦ᠋ᠷᠦᠩ;
ᠬᠢᠯᠢ ᠶᠢᠨ ᠴᠡᠷᠢᠭ ᠦᠨ 0257 ᠳ᠋ᠤᠭᠠᠷ ᠠᠩᠬᠢ ᠶᠢᠨ ᠵᠢᠬᠰᠠᠭᠠᠯ ᠤᠨ ᠳᠠᠷᠤᠭ᠎ᠠ᠂ ᠠᠬᠠᠯᠠᠬᠤ ᠠᠬᠠᠯᠠᠭᠴᠢ ᠨᠢᠮᠠᠳᠣᠷᠵᠢ ᠶᠢᠨ ᠭᠠᠨᠭᠲᠡᠮᠦᠷ;
ᠬᠢᠯᠢ ᠶᠢᠨ ᠴᠡᠷᠢᠭ ᠦᠨ 0286 ᠳ᠋ᠤᠭᠠᠷ ᠠᠩᠬᠢ ᠶᠢᠨ ᠬᠠᠷᠠᠭᠤᠯ ᠤᠨ ᠳᠠᠷᠤᠭ᠎ᠠ᠂ ᠠᠬᠠᠯᠠᠬᠤ ᠠᠬᠠᠯᠠᠭᠴᠢ ᠲᠡᠷᠡᠪᠢᠰᠢ ᠶᠢᠨ ᠳᠠᠸᠠᠳᠡᠯᠭᠡᠷ;
ᠬᠢᠯᠢ ᠶᠢᠨ ᠴᠡᠷᠢᠭ ᠦᠨ 0286 ᠳ᠋ᠤᠭᠠᠷ ᠠᠩᠬᠢ ᠶᠢᠨ ᠬᠠᠷᠠᠭᠤᠯ ᠤᠨ ᠳᠠᠷᠤᠭ᠎ᠠ᠂ ᠨᠣᠬᠠᠢ ᠬᠥᠲᠥᠯᠥᠭᠴᠢ᠂ ᠠᠬᠠᠯᠠᠬᠤ ᠠᠬᠠᠯᠠᠭᠴᠢ ᡀᠠᠬᠪᠠᠵᠠᠪ ᠤᠨ ᠳᠠᠸᠠᠳᠣᠷᠵᠢ;
ᠬᠢᠯᠢ ᠶᠢᠨ ᠴᠡᠷᠢᠭ ᠦᠨ 0151 ᠳ᠋ᠦᠭᠡᠷ ᠠᠩᠬᠢ ᠶᠢᠨ ᠵᠢᠯᠣᠭᠣᠴᠢ᠂ ᠠᠬᠠᠯᠠᠬᠤ ᠠᠬᠠᠯᠠᠭᠴᠢ ᠫᠦᠷᠪᠦᠳᠣᠷᠵᠢ ᠶᠢᠨ ᠣᠳ᠋ᠥᠨᠪᠠᠶᠠᠰᠬᠤ;
ᠬᠢᠯᠢ ᠶᠢᠨ ᠴᠡᠷᠢᠭ ᠦᠨ 0252 ᠳ᠋ᠤᠭᠠᠷ ᠠᠩᠬᠢ ᠶᠢᠨ ᠵᠢᠯᠣᠭᠣᠴᠢ᠂ ᠠᠬᠠᠯᠠᠬᠤ ᠠᠬᠠᠯᠠᠭᠴᠢ ᠵᠢᠷᠭᠠᠯᠰᠠᠶᠢᠬᠠᠨ ᠤ ᠤᠤᠬᠠᠨᠪᠠᠶᠠᠷ;
ᠣᠨᠤᠴᠤᠭᠠᠢ ᠪᠠᠶᠢᠳᠠᠯ ᠤᠨ ᠶᠡᠷᠦᠩᠬᠡᠢ ᠭᠠᠵᠠᠷ ᠤᠨ ᠵᠠᠬᠢᠷᠭᠠᠨ ᠤ ᠤᠳᠤᠷᠢᠳᠤᠯᠭ᠎ᠠ ᠶᠢᠨ ᠭᠠᠵᠠᠷ ᠤᠨ ᠴᠡᠷᠢᠭ ᠦᠨ ᠠᠯᠪᠠ ᠵᠠᠬᠢᠷᠭᠠᠨ ᠤ ᠠᠰᠠᠭᠤᠳᠠᠯ ᠬᠠᠷᠢᠭᠤᠴᠠᠭᠰᠠᠨ ᠮᠡᠷᠭᠡᠵᠢᠯᠲᠡᠨ᠂ ᠬᠣᠰᠢᠭᠤᠴᠢ ᠡᠩᠬᠡᠲᠠᠶᠢᠪᠤᠩ ᠤᠨ ᠭᠠᠩᠪᠠᠲᠤ;
ᠨᠡᠶᠢᠰᠯᠡᠯ ᠦᠨ ᠣᠨᠤᠴᠤᠭᠠᠢ ᠪᠠᠶᠢᠳᠠᠯ ᠤᠨ ᠭᠠᠵᠠᠷ ᠤᠨ ᠪᠠᠭᠠᠬᠠᠩ᠋ᠭᠠᠢ ᠳᠡᠭᠦᠷᠭᠡ ᠶᠢᠨ ᠣᠨᠤᠴᠤᠭᠠᠢ ᠪᠠᠶᠢᠳᠠᠯ ᠤᠨ ᠬᠡᠯᠲᠡᠰ ᠦᠨ ᠭᠠᠯ ᠲᠦᠢᠮᠡᠷ ᠤᠨᠲᠠᠷᠠᠭᠠᠬᠤ᠂ ᠠᠪᠤᠷᠠᠬᠤ 80 ᠳ᠋ᠤᠭᠠᠷ ᠠᠩᠬᠢ ᠶᠢᠨ ᠭᠠᠯ ᠰᠥᠨᠥᠭᠡᠭ᠍ᠴᠢ᠂ ᠠᠮᠢᠰᠬᠤᠯ ᠤᠨ ᠪᠡᠶ᠎ᠡ ᠳᠠᠭᠠᠭᠰᠠᠨ ᠲᠥᠬᠥᠭᠡᠷᠦᠮᠵᠢ ᠶᠢᠨ ᠵᠠᠰᠠᠪᠤᠷᠢᠴᠢᠨ᠂ ᠠᠬᠠᠯᠠᠬᠤ ᠠᠬᠠᠯᠠᠭᠴᠢ ᠲᠡᠮᠦᠭᠡ ᠶᠢᠨ ᠬᠥᠳᠡᠷᠴᠢᠯᠠᠭᠤᠨ;
ᠠᠷᠤᠬᠠᠩ᠋ᠭᠠᠢ ᠠᠶᠢᠮᠠᠭ ᠤᠨ ᠣᠨᠤᠴᠤᠭᠠᠢ ᠪᠠᠶᠢᠳᠠᠯ ᠤᠨ ᠭᠠᠵᠠᠷ ᠤᠨ ᠭᠠᠯ ᠲᠦᠢᠮᠡᠷ ᠤᠨᠲᠠᠷᠠᠭᠠᠬᠤ᠂ ᠠᠪᠤᠷᠠᠬᠤ 51 ᠳ᠋ᠦᠭᠡᠷ ᠠᠩᠬᠢ ᠶᠢᠨ ᠠᠪᠤᠷᠠᠭᠴᠢ᠂ ᠭᠠᠯ ᠰᠥᠨᠥᠭᠡᠭ᠍ᠴᠢ ᠲᠦᠮᠡᠨ-ᠡᠰᠢ ᠶᠢᠨ ᠪᠠᠲᠤᠲᠤᠯᠭ᠎ᠠ;
ᠪᠠᠶᠠᠨ-ᠥᠯᠥᠭᠡᠢ ᠠᠶᠢᠮᠠᠭ ᠤᠨ ᠣᠨᠤᠴᠤᠭᠠᠢ ᠪᠠᠶᠢᠳᠠᠯ ᠤᠨ ᠭᠠᠵᠠᠷ ᠤᠨ ᠬᠥᠳᠡᠯᠮᠦᠷᠢ ᠬᠠᠮᠠᠭᠠᠯᠠᠯ᠂ ᠠᠶᠤᠯ ᠦᠭᠡᠢ ᠠᠵᠢᠯᠯᠠᠭ᠎ᠠ᠂ ᠲᠧᠭᠨᠢᠺ ᠬᠡᠷᠡᠭᠰᠡᠯ ᠬᠠᠷᠢᠭᠤᠴᠠᠭᠰᠠᠨ ᠮᠡᠷᠭᠡᠵᠢᠯᠲᠡᠨ᠂ ᠠᠬᠠᠯᠠᠬᠤ ᠳᠡᠰᠯᠡᠭᠴᠢ ᠭᠠᠨᠭᠲᠡᠮᠦᠷ᠎ ᠶᠢᠨ ᠭᠠᠩᠵᠣᠷᠢᠭ;
ᠤᠪᠰᠤ ᠠᠶᠢᠮᠠᠭ ᠤᠨ ᠣᠨᠤᠴᠤᠭᠠᠢ ᠪᠠᠶᠢᠳᠠᠯ ᠤᠨ ᠭᠠᠵᠠᠷ ᠤᠨ ᠭᠠᠯ ᠲᠦᠢᠮᠡᠷ ᠤᠨᠲᠠᠷᠠᠭᠠᠬᠤ᠂ ᠠᠪᠤᠷᠠᠬᠤ 41 ᠳ᠋ᠦᠭᠡᠷ ᠠᠩᠬᠢ ᠶᠢᠨ ᠠᠪᠤᠷᠠᠭᠴᠢ᠂ ᠭᠠᠯ ᠰᠥᠨᠥᠭᠡᠭ᠍ᠴᠢ᠂ ᠠᠬᠠᠯᠠᠬᠤ ᠠᠬᠠᠯᠠᠭᠴᠢ ᠰᠦᠬᠡᠪᠠᠭᠠᠲᠤᠷ ᠤᠨ ᠰᠦᠬᠡ-ᠣᠴᠢᠷ;
ᠳᠣᠲᠣᠭᠠᠳᠤ ᠶᠢᠨ ᠴᠡᠷᠢᠭ ᠦᠨ 05 ᠳ᠋ᠤᠭᠠᠷ ᠠᠩᠬᠢ ᠶᠢᠨ ᠬᠠᠷᠠᠭᠤᠯᠴᠢᠨ᠂ ᠠᠬᠠᠯᠠᠬᠤ ᠠᠬᠠᠯᠠᠭᠴᠢ ᠪᠠᠶᠠᠷᠬᠦᠦ ᠶᠢᠨ ᠡᠷᠳᠡᠨᠢᠴᠢᠯᠠᠭᠤᠨ;
ᠳᠣᠲᠣᠭᠠᠳᠤ ᠶᠢᠨ ᠴᠡᠷᠢᠭ ᠦᠨ 805 ᠳ᠋ᠤᠭᠠᠷ ᠠᠩᠬᠢ ᠶᠢᠨ ᠡᠷᠡᠭᠦᠯ ᠮᠡᠨᠳᠦ ᠶᠢᠨ ᠲᠥᠪ ᠦᠨ ᠳᠠᠷᠤᠭ᠎ᠠ᠂ ᠬᠣᠰᠢᠭᠤᠴᠢ ᠣᠩ᠋ᠭᠣᠶᠢᠪᠣᠷ ᠤᠨ ᠭᠠᠨᠭᠲᠤᠶᠠᠭ᠎ᠠ;
ᠴᠣᠶᠢᠪᠠᠯᠰᠠᠩ ᠬᠣᠲᠠ ᠶᠢᠨ ᠤᠰᠤ ᠬᠠᠩ᠋ᠭᠠᠮᠵᠢ ᠶᠢᠨ ᠡᠬᠢ ᠡᠭᠦᠰᠪᠦᠷᠢ ᠬᠠᠮᠠᠭᠠᠯᠠᠬᠤ ᠲᠤᠰᠬᠠᠢ ᠰᠠᠯᠠᠭᠠᠨ ᠤ ᠬᠠᠷᠠᠭᠤᠯᠴᠢᠨ᠂ ᠠᠬᠠᠯᠠᠬᠤ ᠠᠬᠠᠯᠠᠭᠴᠢ ᠪᠣᠷᠴᠢᠯᠠᠭᠤᠨ ᠤ ᠬᠦᠷᠡᠯᠪᠠᠭᠠᠲᠤᠷ;
ᠳᠣᠲᠣᠭᠠᠳᠤ ᠶᠢᠨ ᠴᠡᠷᠢᠭ ᠦᠨ 05 ᠳ᠋ᠤᠭᠠᠷ ᠠᠩᠬᠢ ᠶᠢᠨ ᠬᠠᠷᠠᠭᠤᠯᠴᠢᠨ᠂ ᠠᠬᠠᠯᠠᠬᠤ ᠠᠬᠠᠯᠠᠭᠴᠢ ᠪᠠᠯᠳᠠᠨᠳᠣᠷᠵᠢ ᠶᠢᠨ ᠪᠠᠲᠤᠰᠦ᠋ᠬᠡ;
ᠳᠣᠲᠣᠭᠠᠳᠤ ᠶᠢᠨ ᠴᠡᠷᠢᠭ ᠦᠨ 805 ᠳ᠋ᠤᠭᠠᠷ ᠠᠩᠬᠢ ᠶᠢᠨ ᠬᠠᠷᠠᠭᠤᠯ ᠬᠠᠮᠠᠭᠠᠯᠠᠯᠲᠠ ᠶᠢᠨ ᠰᠠᠯᠪᠤᠷᠢ ᠶᠢᠨ ᠡᠷᠭᠢᠭᠦᠯᠴᠢᠨ᠂ ᠠᠬᠠᠯᠠᠬᠤ ᠠᠬᠠᠯᠠᠭᠴᠢ ᠭᠠᠩᠪᠠᠲᠤ ᠶᠢᠨ ᠭᠠᠩᠪᠠᠶᠠᠷ;
ᠲᠠᠩᠨᠠᠭᠤᠯ ᠤᠨ ᠶᠡᠷᠦᠩᠬᠡᠢ ᠭᠠᠵᠠᠷ ᠤᠨ ᠰᠢᠯᠭᠠᠨ ᠨᠡᠪᠲᠡᠷᠡᠭᠦᠯᠦᠭᠴᠢ᠂ ᠵᠢᠯᠣᠭᠣᠴᠢ ᠪᠤᠳᠤᠵᠤᠩᠬᠤ ᠪᠠᠷ ᠤᠨ ᠣᠳᠬᠠᠨᠪᠠᠭᠠᠲᠤᠷ;
ᠲᠠᠩᠨᠠᠭᠤᠯ ᠤᠨ ᠶᠡᠷᠦᠩᠬᠡᠢ ᠭᠠᠵᠠᠷ ᠤᠨ ᠰᠢᠯᠭᠠᠨ ᠨᠡᠪᠲᠡᠷᠡᠭᠦᠯᠦᠭᠴᠢ ᠨᠠᠴᠤᠭᠳᠣᠷᠵᠢ ᠶᠢᠨ ᠣᠳᠣᠨᠬᠦᠦ;
ᠬᠥᠳᠡᠯᠮᠦᠷᠢ ᠶᠢᠨ ᠮᠧᠳᠠᠯ ᠢᠶᠠᠷ᠄
ᠲᠥᠷᠥ ᠶᠢᠨ ᠲᠤᠰᠬᠠᠢ ᠠᠯᠪᠠᠨ ᠬᠠᠭᠠᠭᠴᠢᠳ ᠤᠨ ᠨᠢᠭᠡᠳᠦᠭᠰᠡᠨ ᠡᠮᠨᠡᠯᠭᠡ ᠶᠢᠨ ᠰᠡᠷᠭᠦᠭᠡᠨ ᠵᠠᠰᠠᠬᠤ ᠡᠮᠴᠢᠯᠡᠭᠡᠨ ᠦ ᠲᠠᠰᠤᠭ ᠤᠨ ᠰᠤᠪᠢᠯᠠᠭᠴᠢ ᠪᠠᠲᠤ-ᠣᠴᠢᠷ ᠤᠨ ᠪᠠᠶᠠᠷᠵᠢᠷᠭᠠᠯ;
ᠲᠥᠷᠥ ᠶᠢᠨ ᠲᠤᠰᠬᠠᠢ ᠠᠯᠪᠠᠨ ᠬᠠᠭᠠᠭᠴᠢᠳ ᠤᠨ ᠨᠢᠭᠡᠳᠦᠭᠰᠡᠨ ᠡᠮᠨᠡᠯᠭᠡ ᠶᠢᠨ ᠮᠡᠰᠡ ᠵᠠᠰᠠᠯ ᠤᠨ ᠲᠠᠰᠤᠭ ᠤᠨ ᠬᠠᠭᠠᠯᠭᠠᠨ ᠤ ᠬᠡᠰᠡᠭ ᠦᠨ ᠲᠤᠰᠠᠯᠠᠬᠤ ᠰᠤᠪᠢᠯᠠᠭᠴᠢ ᠰᠦᠬᠡᠪᠠᠭᠠᠲᠤᠷ ᠤᠨ ᠡᠩᠬᠡᠴᠢᠮᠡᠭ ᠨᠠᠷ ᠢ ᠱᠠᠩᠨᠠᠯ ᠠ᠃
ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠠᠯᠪᠠ ᠬᠠᠭᠠᠭᠴᠢᠳ ᠢ ᠡᠬᠡ ᠣᠷᠣᠨ ᠢᠶᠠᠨ ᠪᠠᠲᠤᠯᠠᠨ ᠬᠠᠮᠠᠭᠠᠯᠠᠬᠤ ᠪᠣᠯᠤᠨ ᠴᠡᠷᠢᠭ ᠦᠨ ᠰᠢᠨᠡᠴᠢᠯᠡᠯ ᠦᠨ ᠪᠣᠳᠣᠯᠭ᠎ᠠ ᠶᠢ ᠲᠤᠭᠤᠱᠢᠲᠠᠢ ᠬᠡᠷᠡᠭᠵᠢᠭᠦᠯᠬᠦ᠂ ᠥᠰᠪᠦᠷᠢ ᠦᠶ᠎ᠡ᠂ ᠵᠠᠯᠠᠭᠤᠴᠤᠳ ᠢ ᠡᠬᠡ ᠣᠷᠣᠨ ᠢᠶᠠᠨ ᠬᠠᠶᠢᠷᠠᠯᠠᠨ ᠬᠠᠮᠠᠭᠠᠯᠠᠬᠤ ᠦᠵᠡᠯ ᠰᠠᠨᠠᠭ᠎ᠠ᠂ ᠡᠷᠳᠡᠮ ᠤᠬᠠᠭᠠᠨ ᠳᠤ ᠰᠤᠷᠭᠠᠬᠤ ᠦᠢᠯᠡᠰ ᠲᠥ ᠤᠯᠠᠮ ᠶᠡᠬᠡ ᠠᠮᠵᠢᠯᠲᠠ ᠭᠠᠷᠭᠠᠨ᠎ᠠ ᠭᠡᠳᠡᠭ ᠲᠥ ᠢᠲᠡᠭᠡᠵᠦ ᠪᠠᠶᠢᠭ᠎ᠠ ᠪᠠᠨ ᠢᠯᠡᠷᠬᠡᠶᠢᠯᠡᠪᠡ᠃

ᠮᠥᠨ ᠪᠠᠲᠤ ᠪᠡᠬᠢ ᠠᠷᠤ ᠲᠠᠯ᠎ᠠ ᠨᠢ ᠪᠣᠯᠵᠤ᠂ ᠦᠷ᠎ᠡ ᠬᠡᠦᠬᠡᠳ ᠢᠶᠡᠨ ᠥᠰᠬᠡᠨ ᠬᠦᠮᠦᠵᠢᠭᠦᠯᠬᠦ᠂ ᠡᠷᠦᠬᠡ ᠭᠡᠷ ᠢᠶᠡᠨ ᠠᠪᠴᠤ ᠶᠠᠪᠤᠬᠤ ᠠᠴᠢᠶᠠᠨ ᠤ ᠬᠦᠨᠳᠦ ᠶᠢ ᠡᠭᠦᠷᠴᠢ ᠪᠠᠶᠢᠳᠠᠭ ᠠᠷᠤ ᠭᠡᠷ ᠦᠨ ᠬᠢᠨ ᠳᠥ ᠨᠢ ᠠᠵᠠ ᠵᠢᠷᠭᠠᠯ᠂ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠪᠡ᠃