Та "Internet explorer"-ийн сүүлийн хувилбар болох "Microsoft edge"-г ашиглана уу

Хэрэв "Microsoft edge"-г татах бол энд дарж татаж авна уу

《ᠬᠠᠭᠠᠨ ᠤ ᠡᠷᠢᠯᠳᠦ-2022》 ᠡᠩᠬᠡ ᠶᠢ ᠰᠠᠬᠢᠭᠤᠯᠬᠤ ᠠᠵᠢᠯᠯᠠᠭᠠᠨ ᠤ ᠣᠯᠠᠨ ᠤᠯᠤᠰ ᠤᠨ ᠰᠤᠷᠭᠠᠭᠤᠯᠢ ᠡᠬᠢᠯᠡᠯ᠎ᠡ

《ᠬᠠᠭᠠᠨ ᠤ ᠡᠷᠢᠯᠳᠦ-2022》 ᠡᠩᠬᠡ ᠶᠢ ᠰᠠᠬᠢᠭᠤᠯᠬᠤ ᠠᠵᠢᠯᠯᠠᠭᠠᠨ ᠤ ᠣᠯᠠᠨ ᠤᠯᠤᠰ ᠤᠨ ᠬᠠᠮᠲᠤᠷᠠᠭᠰᠠᠨ 18 ᠳᠠᠬᠢ ᠤᠳᠠᠭ᠎ᠠ ᠶᠢᠨ ᠰᠤᠷᠭᠠᠭᠤᠯᠢ ᠲᠠᠪᠤᠨ ᠲᠣᠯᠣᠭᠠᠢ ᠳᠠᠬᠢ ᠵᠡᠪᠰᠡᠭᠲᠦ ᠬᠦᠴᠦᠨ ᠦ ᠰᠤᠷᠭᠠᠯᠲᠠ ᠶᠢᠨ ᠨᠢᠭᠡᠳᠦᠭᠰᠡᠨ ᠲᠥᠪ ᠳᠥ ᠡᠬᠢᠯᠡᠯ᠎ᠡ᠃ ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠤᠬᠤᠨ᠎ᠠ ᠶᠢᠨ ᠬᠦᠷᠡᠯᠰᠦ᠋ᠬᠡ ᠰᠤᠷᠭᠠᠭᠤᠯᠢ ᠶᠢ ᠨᠡᠭᠡᠭᠡᠵᠦ ᠦᠭᠡ ᠬᠡᠯᠡᠯ᠎ᠡ᠃

ᠲᠡᠷᠡ ᠪᠡᠷ ᠮᠣᠩᠭᠣᠯ ᠤᠯᠤᠰ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠭᠡᠰᠢᠭᠦᠨ ᠣᠷᠣᠨ ᠤ ᠬᠤᠪᠢ ᠳᠤ ᠳᠡᠯᠡᠬᠡᠢ ᠶᠢᠨ ᠬᠠᠮᠲᠤ ᠶᠢᠨ ᠨᠡᠶᠢᠭᠡᠮᠯᠢᠭ᠌ ᠦᠨ ᠡᠮᠦᠨ᠎ᠡ ᠬᠦᠯᠢᠶᠡᠭᠰᠡᠨ ᠡᠭᠦᠷᠭᠡ᠂ ᠬᠠᠷᠢᠭᠤᠴᠠᠯᠭ᠎ᠠ ᠪᠠᠨ ᠤᠬᠠᠮᠰᠠᠷᠯᠠᠵᠤ᠂ ᠡᠩᠬᠡ ᠶᠢ ᠰᠠᠬᠢᠭᠤᠯᠬᠤ ᠠᠵᠢᠯᠯᠠᠭᠠᠨ ᠳᠤ ᠴᠡᠷᠢᠭ ᠦᠨ ᠠᠯᠪᠠ ᠬᠠᠭᠠᠭᠴᠢ ᠳᠤ ᠪᠠᠨ ᠢᠯᠡᠭᠡᠨ ᠢᠳᠡᠪᠬᠢᠲᠡᠢ ᠣᠷᠣᠯᠴᠠᠭᠰᠠᠭᠠᠷ ᠪᠠᠶᠢᠭ᠎ᠠ ᠶᠢ ᠲᠡᠮᠳᠡᠭᠯᠡᠪᠡ᠃

ᠮᠣᠩᠭᠣᠯ ᠴᠡᠷᠢᠭ ᠡᠩᠬᠡ ᠶᠢ ᠡᠷᠬᠢᠮᠯᠡᠭᠴᠢ ᠤᠯᠤᠰ ᠭᠦᠷᠦᠨ ᠨᠦᠭᠦᠳ᠂ ᠲᠡᠭᠦᠨ ᠦ ᠳᠣᠲᠣᠷ᠎ᠠ ᠬᠣᠶᠠᠷ ᠬᠥᠷᠰᠢ ᠪᠣᠯᠤᠨ ᠠᠮᠧᠷᠢᠺᠠ ᠶᠢᠨ ᠨᠢᠭᠡᠳᠦᠭᠰᠡᠨ ᠤᠯᠤᠰ᠂ ХБНГУ᠂ БНСУ᠂ ᠶᠠᠫᠣᠨ᠂ ᠡᠨᠡᠳᠬᠡᠭ᠌᠂ ᠲᠦᠷᠺ᠂ ᠺᠠᠲ᠋ᠠᠷ ᠵᠡᠷᠭᠡ ᠤᠯᠤᠰ ᠲᠠᠢ ᠬᠠᠮᠲᠤᠷᠠᠨ ᠰᠤᠷᠭᠠᠯᠲᠠ᠂ ᠳᠠᠳᠤᠯᠭ᠎ᠠ ᠶᠢ ᠲᠣᠭᠲᠠᠮᠠᠯ ᠵᠣᠬᠢᠶᠠᠨ ᠪᠠᠶᠢᠭᠤᠯᠳᠠᠭ ᠤᠨ ᠨᠢᠭᠡ ᠨᠢ 《ᠬᠠᠭᠠᠨ ᠤ ᠡᠷᠢᠯᠳᠦ》 ᠰᠤᠷᠭᠠᠭᠤᠯᠢ ᠭᠡᠳᠡᠭ ᠢ ᠬᠡᠯᠡᠪᠡ᠃

ᠡᠨᠡ ᠤᠳᠠᠭ᠎ᠠ ᠶᠢᠨ ᠰᠤᠷᠭᠠᠭᠤᠯᠢ ᠶᠢ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠠᠮᠧᠷᠢᠺᠠ ᠶᠢᠨ ᠨᠢᠭᠡᠳᠦᠭᠰᠡᠨ ᠤᠯᠤᠰ ᠪᠣᠯᠤᠨ ᠣᠷᠣᠯᠴᠠᠭᠴᠢ ᠪᠤᠰᠤᠳ ᠤᠯᠤᠰ ᠣᠷᠣᠨ᠂ ᠲᠡᠳᠡᠭᠡᠷ ᠦᠨ ᠵᠡᠪᠰᠡᠭᠲᠦ ᠬᠦᠴᠦᠨ ᠦ ᠤᠳᠤᠷᠢᠳᠤᠯᠭ᠎ᠠ᠂ ᠨᠡᠶᠢᠲᠡ ᠡᠩᠬᠡ ᠶᠢ ᠰᠠᠬᠢᠭᠤᠯᠤᠭᠴᠢᠳ ᠲᠤ ᠲᠠᠯᠠᠷᠬᠠᠯ ᠳᠡᠪᠰᠢᠭᠦᠯᠦᠯ᠎ᠡ᠃

ᠮᠣᠩᠭᠣᠯ ᠤᠯᠤᠰ ᠴᠢᠨᠠᠭᠰᠢᠳᠠ ᠴᠤ ᠡᠩᠬᠡ ᠶᠢ ᠡᠷᠬᠢᠮᠯᠡᠭᠰᠡᠨ ᠭᠠᠳᠠᠭᠠᠳᠤ ᠪᠣᠳᠣᠯᠭ᠎ᠠ ᠶᠢ ᠲᠤᠭᠤᠰᠢᠲᠠᠢ ᠪᠠᠷᠢᠮᠲᠠᠯᠠᠵᠤ᠂ ᠳᠠᠶᠠᠩ ᠳᠡᠯᠡᠬᠡᠢ ᠶᠢᠨ ᠱᠤᠳᠤᠷᠭ᠎ᠠ ᠤᠯᠤᠰ ᠲᠦᠮᠡᠨ ᠲᠡᠢ ᠬᠠᠮᠲᠤᠷᠠᠨ ᠠᠵᠢᠯᠯᠠᠬᠤ ᠳᠤ ᠦᠷᠭᠦᠯᠵᠢ ᠨᠡᠭᠡᠭᠡᠯᠲᠡ ᠲᠡᠢ ᠪᠠᠶᠢᠬᠤ ᠪᠣᠯᠤᠨ᠎ᠠ ᠭᠡᠳᠡᠭ ᠢ ᠣᠨᠴᠠᠯᠠᠯ᠎ᠠ᠃
ᠮᠣᠩᠭᠣᠯ ᠤᠯᠤᠰ ᠤᠨ ᠵᠡᠪᠰᠡᠭᠲᠦ ᠬᠦᠴᠦᠨ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠡᠨᠡᠳᠬᠡᠭ᠌-ᠨᠣᠮᠣᠬᠠᠨ ᠳᠠᠯᠠᠢ ᠶᠢᠨ ᠺᠣᠮᠠᠨ᠋ᠳ᠋ᠯᠠᠯ ᠬᠠᠮᠲᠤᠷᠠᠨ 《ᠬᠠᠭᠠᠨ ᠤ ᠡᠷᠢᠯᠳᠦ》 ᠡᠩᠬᠡ ᠶᠢ ᠰᠠᠬᠢᠭᠤᠯᠬᠤ ᠠᠵᠢᠯᠯᠠᠭᠠᠨ ᠤ ᠬᠠᠮᠲᠤᠷᠠᠭᠰᠠᠨ ᠰᠤᠷᠭᠠᠭᠤᠯᠢ ᠶᠢ 2003 ᠣᠨ ᠠᠴᠠ ᠵᠣᠬᠢᠶᠠᠨ ᠪᠠᠶᠢᠭᠤᠯᠵᠤ ᠡᠬᠢᠯᠡᠭᠰᠡᠨ ᠪᠥᠭᠡᠳ 2006 ᠣᠨ ᠠᠴᠠ ᠣᠯᠠᠨ ᠤᠯᠤᠰ ᠤᠨ ᠬᠠᠮᠲᠤᠷᠠᠭᠰᠠᠨ ᠰᠤᠷᠭᠠᠭᠤᠯᠢ ᠪᠣᠯᠭᠠᠭᠰᠠᠨ ᠶᠤᠮ᠃

ᠡᠨᠡ ᠰᠠᠷ᠎ᠠ ᠶᠢᠨ 20 ᠍ ᠤ ᠡᠳᠦᠷ ᠬᠦᠷᠲᠡᠯ᠎ᠡ ᠦᠷᠭᠦᠯᠵᠢᠯᠡᠬᠦ ᠰᠤᠷᠭᠠᠭᠤᠯᠢ ᠳᠤ 15 ᠤᠯᠤᠰ ᠤᠨ 1᠂000 ᠣᠷᠴᠢᠮ ᠴᠡᠷᠢᠭ ᠦᠨ ᠠᠯᠪᠠ ᠬᠠᠭᠠᠭᠴᠢ ᠣᠷᠣᠯᠴᠠᠵᠤ᠂ ᠺᠣᠮᠠᠨ᠋ᠳ᠋ ᠱᠲ᠋ᠠᠪ ᠤᠨ ᠰᠤᠷᠭᠠᠭᠤᠯᠢ᠂ ᠰᠠᠯᠠᠭᠠᠨ ᠤ ᠲᠦᠪᠰᠢᠨ ᠦ ᠬᠡᠭᠡᠷ᠎ᠡ ᠶᠢᠨ ᠰᠤᠷᠭᠠᠯᠲᠠ᠂ ᠳᠠᠳᠤᠯᠭ᠎ᠠ ᠳᠤ ᠬᠠᠮᠤᠷᠤᠭᠳᠠᠨ᠎ᠠ᠃ ᠰᠠᠯᠠᠭᠠᠨ ᠤ ᠲᠦᠪᠰᠢᠨ ᠦ ᠰᠤᠷᠭᠠᠭᠤᠯᠢ ᠭᠡᠬᠦ ᠳᠥ ᠯᠠ ᠡᠷᠭᠢᠭᠦᠯ᠂ ᠴᠤᠪᠤᠭᠠᠨ ᠤ ᠬᠠᠮᠠᠭᠠᠯᠠᠯᠲᠠ᠂ ᠬᠦᠮᠦᠨᠯᠢᠭ ᠦᠨ ᠲᠤᠰᠠᠯᠠᠮᠵᠢ᠂ ᠡᠩ ᠦᠨ ᠢᠷᠭᠡᠳ ᠦᠨ ᠬᠠᠮᠠᠭᠠᠯᠠᠯᠲᠠ ᠵᠡᠷᠭᠡ ᠴᠢᠭᠯᠡᠯ ᠢᠶᠡᠷ ᠪᠣᠯᠤᠨ᠎ᠠ᠃

ᠡᠨᠡ ᠤᠳᠠᠭ᠎ᠠ ᠶᠢᠨ ᠰᠤᠷᠭᠠᠭᠤᠯᠢ ᠶᠢᠨ ᠦᠶ᠎ᠡ ᠪᠡᠷ ᠠᠩᠬ᠎ᠠ ᠤᠳᠠᠭ᠎ᠠ 《ᠡᠮᠡᠭᠲᠡᠶᠢᠴᠦᠳ ᠡᠩᠬᠡ ᠲᠠᠶᠢᠪᠤᠩ᠂ ᠠᠶᠤᠯ ᠦᠭᠡᠢ ᠪᠠᠶᠢᠳᠠᠯ》 ᠰᠡᠳᠦᠪᠲᠦ ᠰᠤᠷᠭᠠᠯᠲᠠ ᠵᠣᠬᠢᠶᠠᠨ ᠪᠠᠶᠢᠭᠤᠯᠬᠤ ᠪᠥᠭᠡᠳ ᠡᠨᠡ ᠨᠢ ᠡᠩᠬᠡ ᠶᠢ ᠰᠠᠬᠢᠭᠤᠯᠬᠤ ᠠᠵᠢᠯᠯᠠᠭᠠᠨ ᠳᠠᠬᠢ ᠡᠮᠡᠭᠲᠡᠢ ᠴᠡᠷᠢᠭ ᠦᠨ ᠠᠯᠪᠠ ᠬᠠᠭᠠᠭᠴᠢᠳ ᠤᠨ ᠡᠭᠦᠷᠭᠡ᠂ ᠣᠷᠣᠯᠴᠠᠭ᠎ᠠ ᠶᠢ ᠨᠡᠮᠡᠭᠳᠡᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠶᠤᠮ᠃

ᠣᠯᠠᠨ ᠤᠯᠤᠰ ᠤᠨ ᠬᠠᠮᠲᠤᠷᠠᠭᠰᠠᠨ ᠰᠤᠷᠭᠠᠭᠤᠯᠢ ᠶᠢᠨ ᠨᠡᠭᠡᠭᠡᠯᠲᠡ ᠳᠥ ᠵᠠᠰᠠᠭ ᠤᠨ ᠭᠠᠵᠠᠷ ᠤᠨ ᠭᠡᠰᠢᠭᠦᠨ᠂ ᠪᠠᠲᠤᠯᠠᠨ ᠬᠠᠮᠠᠭᠠᠯᠠᠬᠤ ᠶᠢᠨ ᠰᠠᠶᠢᠳ ᠭ ∙ ᠰᠠᠶᠢᠬᠠᠨᠪᠠᠶᠠᠷ᠂ ᠶᠡᠷᠦᠩᠬᠡᠶᠢᠯᠡᠭᠴᠢ ᠶᠢᠨ ᠠᠶᠤᠯ ᠦᠭᠡᠢ ᠪᠠᠶᠢᠳᠠᠯ᠂ ᠪᠠᠲᠤᠯᠠᠨ ᠬᠠᠮᠠᠭᠠᠯᠠᠬᠤ ᠪᠣᠳᠣᠯᠭ᠎ᠠ ᠶᠢᠨ ᠵᠥᠪᠯᠡᠬᠦ᠂ ᠪᠡᠯᠡᠳᠬᠡᠯ ᠳᠡᠰᠯᠡᠭᠴᠢ ᠭᠧᠨᠧᠷᠠᠯ ᠴ ∙ ᠲᠣᠭᠣᠭ᠎ᠠ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠳᠡᠰᠯᠡᠭᠴᠢ ᠭᠧᠨᠧᠷᠠᠯ ᠳ ∙ ᠭᠠᠩᠵᠣᠷᠢᠭ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠠᠯᠢᠶᠠᠰᠺ ᠤᠨ ᠦᠨᠳᠦᠰᠦᠨ ᠦ ᠭᠸᠠᠷᠳ᠋ ᠍ ᠤᠨ ᠨᠢᠭᠡᠳᠦᠭᠰᠡᠨ ᠱᠲ᠋ᠠᠪ ᠤᠨ ᠳᠠᠷᠤᠭ᠎ᠠ᠂ ᠪᠠᠷᠢᠭᠠᠳ᠋ ᠶᠢᠨ ᠭᠧᠨᠧᠷᠠᠯ ᠸᠡᠢᠢᠨ ᠳ᠋ᠣᠨ ᠪᠣᠯᠤᠨ ᠪᠠᠲᠤᠯᠠᠨ ᠬᠠᠮᠠᠭᠠᠯᠠᠬᠤ ᠶᠠᠮᠤᠨ᠂ ᠵᠡᠪᠰᠡᠭᠲᠦ ᠬᠦᠴᠦᠨ ᠦ ᠵᠠᠩᠵᠤᠨ ᠱᠲ᠋ᠠᠪ᠂ ᠲᠥᠷᠥ ᠶᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠶᠢᠭᠤᠯᠤᠯᠭ᠎ᠠ ᠤᠳ ᠤᠨ ᠤᠳᠤᠷᠢᠳᠤᠯᠭ᠎ᠠ᠂ ᠭᠠᠳᠠᠭᠠᠳᠤ ᠣᠷᠣᠨ ᠨᠤᠭᠤᠳ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ᠂ ᠴᠡᠷᠢᠭ ᠦᠨ ᠠᠲ᠋ᠲ᠋ᠠᠱᠧ ᠨᠠᠷ ᠣᠷᠣᠯᠴᠠᠯ᠎ᠠ᠃