Та "Internet explorer"-ийн сүүлийн хувилбар болох "Microsoft edge"-г ашиглана уу

Хэрэв "Microsoft edge"-г татах бол энд дарж татаж авна уу

ᠣᠷᠣᠰ ᠤᠨ ᠬᠣᠯᠪᠣᠭᠠᠨ ᠤ ᠤᠯᠤᠰ ᠤᠨ ᠺᠷᠠᠰᠠᠨᠤᠶᠠᠷᠰᠺ ᠤᠨ ᠬᠢᠵᠠᠭᠠᠷ 《ᠲᠡᠷᠪᠤᠮ ᠮᠣᠳᠤ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠠᠮᠲᠤᠷᠠᠨ ᠠᠵᠢᠯᠯᠠᠬᠤ ᠰᠣᠨᠢᠷᠬᠠᠯ᠎ᠠ ᠢᠯᠡᠷᠬᠡᠢᠢᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠣᠷᠣᠰ ᠤᠨ ᠬᠣᠯᠪᠣᠭᠠᠨ ᠤ ᠤᠯᠤᠰ ᠤᠨ ᠺᠷᠠᠰᠠᠨᠤᠶᠠᠷᠰᠺ  ᠤᠨ ᠬᠢᠵᠠᠭᠠᠷ ᠤᠨ ᠠᠮᠪᠠᠨ ᠵᠠᠬᠢᠷᠤᠭᠴᠢ ᠠ᠊ ∙ ᠸ ∙ ᠤᠰᠰ ᠢ ᠬᠦᠯᠢᠶᠡᠨ ᠠᠪᠴᠤ ᠠᠭᠤᠯᠵᠠᠯ᠎ᠠ᠃

ᠥᠩ᠋ᠭᠡᠷᠡᠭᠰᠡᠨ ᠣᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ᠂ ᠶᠡᠷᠦᠩᠬᠡᠢᠢᠯᠡᠭᠴᠢ ᠸ ∙ ᠸ ∙ ᠫᠦ᠋ᠲ᠋ᠢᠨ ᠲᠠᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠴᠢᠭᠯᠡᠯ ᠢᠶᠡᠷ ᠣᠯᠠᠨ ᠴᠢᠬᠤᠯᠠ ᠲᠣᠬᠢᠷᠠᠯᠴᠠᠭᠠᠨ ᠳᠤ ᠬᠦᠷᠦᠭᠰᠡᠨ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠲᠡᠮᠳᠡᠭᠯᠡᠪᠡ᠃

ᠬᠣᠶᠠᠷ ᠣᠷᠣᠨ ᠤ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ᠂ ᠮᠥᠨ ᠺᠣᠮᠢᠰᠰ ᠤᠨ ᠪᠥᠰᠡ ᠨᠤᠲᠤᠭ᠂ ᠬᠢᠯᠢ ᠣᠷᠴᠢᠮ ᠤᠨ ᠬᠠᠮᠲᠤ ᠢᠢᠨ ᠠᠵᠢᠯᠯᠠᠭᠠᠨ ᠤ ᠳᠡᠳ᠋ ᠺᠣᠮᠢᠰᠰ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠵᠦ ᠦᠵᠡᠳᠡᠭ ᠢᠶᠡᠨ ᠢᠯᠡᠷᠬᠡᠢᠢᠯᠡᠪᠡ᠃

ᠣᠷᠣᠰ ᠤᠨ ᠬᠣᠯᠪᠣᠭᠠᠨ ᠤ ᠤᠯᠤᠰ ᠤᠨ ᠺᠷᠠᠰᠠᠨᠤᠶᠠᠷᠰᠺ ᠤᠨ ᠬᠢᠵᠠᠭᠠᠷ ᠪᠥᠰᠡ ᠨᠤᠲᠤᠭ᠂ ᠲᠡᠷᠡ ᠳᠤᠮᠳᠠ ᠪᠠᠨ ᠮᠣᠩ᠋ᠭᠣᠯ ᠤᠯᠤᠰ ᠲᠠᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠬᠥᠭ᠍ᠵᠢᠭᠦᠯᠬᠦ ᠳᠥ ᠠᠴᠢ ᠬᠣᠯᠪᠣᠭᠳᠠᠯ ᠥᠭᠳᠡᠭ ᠭᠡᠳᠡᠭ ᠢ ᠠᠮᠪᠠᠨ ᠵᠠᠬᠢᠷᠤᠭᠴᠢ ᠠ᠊ ∙ ᠸ ∙ ᠤᠰᠰ ᠬᠡᠯᠡᠯ᠎ᠡ᠃
ᠠᠭᠤᠯᠵᠠᠯᠲᠠ ᠢᠢᠨ ᠦᠶ᠎ᠡ ᠪᠡᠷ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠠᠨᠠᠭᠠᠬᠤ ᠤᠬᠠᠭᠠᠨ᠂ ᠪᠣᠯᠪᠠᠰᠤᠷᠠᠯ᠂ ᠠᠶᠠᠯᠠᠯ ᠵᠢᠭᠤᠯᠴᠢᠯᠠᠯ᠂ ᠬᠦᠮᠦᠨᠯᠢᠭ ᠵᠡᠷᠭᠡ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃

ᠣᠷᠣᠰ ᠤᠨ ᠬᠣᠯᠪᠣᠭᠠᠨ ᠤ ᠤᠯᠤᠰ ᠤᠨ ᠺᠷᠠᠰᠠᠨᠤᠶᠠᠷᠰᠺ  ᠤᠨ ᠬᠢᠵᠠᠭᠠᠷ ᠤᠨ ᠠᠮᠪᠠᠨ ᠵᠠᠬᠢᠷᠤᠭᠴᠢ ᠣᠢ ᠢᠢᠨ ᠰᠠᠯᠪᠤᠷᠢ ᠳᠤ᠂ ᠲᠡᠷᠡ ᠳᠤᠮᠳᠠ ᠪᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠠᠮᠲᠤᠷᠠᠨ ᠠᠵᠢᠯᠯᠠᠬᠤ᠂ ᠦᠷ᠎ᠡ ᠲᠠᠷᠢᠶ᠎ᠠ᠂ ᠷᠠᠫᠰ ᠨᠡᠢᠢᠯᠡᠭᠦᠯᠬᠦ ᠪᠣᠯᠤᠮᠵᠢ ᠲᠠᠢ ᠢᠢ ᠢᠯᠡᠷᠬᠡᠢᠢᠯᠡᠪᠡ᠃

ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ 《ᠠᠯᠲᠠᠨᠪᠤᠯᠠᠭ》 ᠡᠳ᠋ ᠍ ᠦᠨ ᠵᠠᠰᠠᠭ ᠤᠨ ᠴᠢᠯᠦᠭᠡᠲᠦ ᠪᠥᠰᠡ ᠳᠥ ᠬᠠᠮᠲᠤᠷᠠᠭᠰᠠᠨ ᠦᠢᠯᠡᠳᠪᠦᠷᠢ ᠪᠠᠢᠢᠭᠤᠯᠬᠤ᠂ ᠢᠨ᠋ᠨᠣᠸᠠᠼ᠂ ᠰᠢᠨ᠎ᠡ ᠲᠧᠭᠨᠣᠯᠣᠭᠢ ᠢᠢ ᠬᠠᠮᠲᠤᠷᠠᠨ ᠨᠡᠪᠲᠡᠷᠡᠭᠦᠯᠬᠦ᠂ ᠮᠣᠩ᠋ᠭᠣᠯ ᠤᠯᠤᠰ ᠠᠴᠠ ᠬᠠᠢᠢᠯᠤᠭᠤᠷ ᠵᠣᠩᠰᠢ᠂ ᠨᠣᠣᠰᠣ᠂ ᠨᠣᠣᠯᠣᠭᠤᠷ᠂ ᠠᠷᠠᠰᠤ᠂ ᠰᠢᠷᠢ᠂ ᠮᠢᠬ᠎ᠠ᠂ ᠮᠢᠬᠠᠨ ᠪᠦᠲᠦᠭᠡᠭ᠍ᠳᠡᠬᠦᠨ ᠡᠺᠰᠫᠣᠷᠲ᠋ᠯᠠᠬᠤ ᠪᠣᠯᠤᠮᠵᠢ ᠲᠠᠢ ᠢᠢ ᠬᠡᠯᠡᠪᠡ᠃

ᠣᠷᠣᠰ ᠤᠨ ᠬᠣᠯᠪᠣᠭᠠᠨ ᠤ ᠤᠯᠤᠰ ᠤᠨ ᠺᠷᠠᠰᠠᠨᠤᠶᠠᠷᠰᠺ  ᠤᠨ ᠬᠢᠵᠠᠭᠠᠷ ᠤᠨ ᠠᠮᠪᠠᠨ ᠵᠠᠬᠢᠷᠤᠭᠴᠢ ᠠ᠊ ∙ ᠸ ∙ ᠤᠰᠰ ᠲᠡᠷᠢᠭᠦᠲᠡᠢ ᠲᠥᠯᠦᠭᠡᠯᠡᠭᠴᠢᠳ ᠠᠢᠢᠯᠴᠢᠯᠠᠯ ᠤᠨ ᠢᠶᠠᠨ ᠦᠶ᠎ᠡ ᠪᠡᠷ ᠮᠣᠩ᠋ᠭᠣᠯ ᠤᠯᠤᠰ ᠤᠨ ᠰᠢᠳᠠᠷ ᠰᠠᠢᠢᠳ ᠲᠤ ᠪᠠᠷᠠᠭᠠᠯᠬᠠᠵᠤ᠂ ᠨᠡᠢᠢᠰᠯᠡᠯ ᠦᠨ ᠤᠳᠤᠷᠢᠳᠤᠯᠭ᠎ᠠ ᠨᠤᠭᠤᠳ ᠲᠠᠢ ᠠᠭᠤᠯᠵᠠᠬᠤ ᠪᠥᠭᠡᠳ ᠪᠤᠯᠠᠭᠠᠨ᠂ ᠥᠪᠦᠷᠬᠠᠩ᠋ᠭᠠᠢ ᠠᠢᠢᠮᠠᠭ ᠲᠠᠢ ᠰᠢᠭᠤᠳ ᠬᠠᠷᠢᠯᠴᠠᠭ᠎ᠠ ᠲᠣᠭᠲᠠᠭᠠᠨ᠂ ᠬᠠᠮᠲᠤᠷᠠᠨ ᠠᠵᠢᠯᠯᠠᠬᠤ ᠰᠠᠨᠠᠮᠵᠢ ᠪᠢᠴᠢᠭ᠌ ᠪᠠᠢᠢᠭᠤᠯᠬᠤ ᠪᠠᠷ ᠲᠥᠯᠦᠪᠯᠡᠵᠡᠢ᠃