ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠤᠪ ᠫᠯᠠᠰᠲ᠋ᠢᠭ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠦᠨ ᠰᠠᠪᠠ ᠪᠠᠭᠯᠠᠭ᠎ᠠ ᠪᠣᠭᠣᠳᠠᠯ ᠤᠨ ᠦᠢᠯᠡᠳᠪᠦᠷᠢ ᠢᠢᠨ ᠠᠵᠢᠯ ᠲᠠᠢ ᠲᠠᠨᠢᠯᠴᠠᠵᠤ᠂ ᠰᠠᠯᠪᠤᠷᠢ ᠢᠢᠨ ᠲᠥᠯᠥᠭᠡᠯᠡᠯ ᠲᠡᠢ ᠠᠭᠤᠯᠵᠠᠯ᠎ᠠ᠃《ᠤᠪ ᠫᠯᠠᠰᠲ᠋ᠢᠭ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ 2005 ᠣᠨ ᠳᠤ ᠭᠠᠳᠠᠭᠠᠳᠤ ᠬᠤᠳᠠᠯᠳᠤᠭ᠎ᠠ᠂ ᠰᠠᠪᠠ ᠪᠠᠭᠯᠠᠭ᠎ᠠ ᠪᠣᠭᠣᠳᠠᠯ ᠤᠨ ᠦᠢᠯᠡᠳᠪᠦᠷᠢᠯᠡᠯ ᠡᠷᠬᠢᠯᠡᠬᠦ ᠴᠢᠭᠯᠡᠯ ᠢᠶᠡᠷ ᠪᠠᠢᠢᠭᠤᠯᠤᠭᠳᠠᠭᠰᠠᠨ᠃ 170 ᠣᠷᠴᠢᠮ ᠠᠵᠢᠯᠲᠠᠨ᠂ 70 ᠣᠷᠴᠢᠮ ᠮᠠᠰᠢᠨ᠂ ᠲᠣᠨᠣᠭ ᠲᠥᠬᠥᠭᠡᠷᠦᠮᠵᠢ ᠲᠡᠢ ᠪᠡᠷ ᠦᠢᠯᠡ ᠠᠵᠢᠯᠯᠠᠭ᠎ᠠ ᠶᠠᠪᠤᠭᠤᠯᠵᠤ᠂ ᠭᠢᠯᠠᠭᠠᠷ ᠤᠭᠤᠲᠠ᠂ ᠪᠠᠭᠯᠠᠭ᠎ᠠ ᠪᠣᠭᠣᠳᠠᠯ ᠤᠨ ᠵᠠᠬ᠎ᠠ ᠵᠡᠭᠡᠯᠢ ᠢᠢᠨ 50-60 ᠬᠤᠪᠢ ᠢ ᠳᠠᠩ ᠢᠶᠠᠷ ᠢᠶᠠᠨ ᠬᠠᠩ᠋ᠭᠠᠳᠠᠭ ᠪᠠᠢᠢᠨ᠎ᠠ᠃
ᠰᠠᠪᠠ ᠪᠠᠭᠯᠠᠭ᠎ᠠ ᠪᠣᠭᠣᠳᠠᠯ ᠤᠨ ᠰᠠᠯᠪᠤᠷᠢ ᠳᠠᠬᠢ 50 ᠭᠠᠷᠤᠢ ᠦᠢᠯᠡᠳᠪᠦᠷᠢ ᠳᠥ 3᠂000 ᠣᠷᠴᠢᠮ ᠬᠦᠮᠦᠨ ᠠᠵᠢᠯᠯᠠᠳᠠᠭ ᠪᠥᠭᠡᠳ ᠵᠢᠯ ᠳᠥ 150 ᠣᠷᠴᠢᠮ ᠲᠡᠷᠪᠤᠮ ᠲᠥᠭᠥᠷᠢᠭ᠌ ᠦᠨ ᠪᠠᠷᠠᠭ᠎ᠠ ᠪᠦᠲᠦᠭᠡᠭ᠍ᠳᠡᠬᠦᠨ ᠦᠢᠯᠡᠳᠪᠦᠷᠢᠯᠡᠳᠡᠭ᠃ ᠡᠨᠡ ᠨᠢ ᠳᠣᠲᠣᠭᠠᠳᠤ ᠢᠢᠨ ᠦᠢᠯᠡᠳᠪᠦᠷᠢᠯᠡᠯ ᠦᠨ ᠨᠡᠢᠢᠲᠡ ᠵᠠᠬ᠎ᠠ ᠵᠡᠭᠡᠯᠢ ᠢᠢᠨ 60 ᠣᠷᠴᠢᠮ ᠬᠤᠪᠢ ᠢ ᠡᠵᠡᠯᠡᠳᠡᠭ ᠭᠡᠰᠡᠨ ᠦᠭᠡ ᠶᠤᠮ᠃
ᠲᠤᠰᠬᠠᠢ ᠵᠥᠪᠰᠢᠶᠡᠷᠡᠯ ᠣᠯᠭᠤᠬᠤ ᠠᠴᠠ ᠡᠬᠢᠯᠡᠭᠡᠳ ᠲᠥᠷᠥ ᠢᠢᠨ ᠬᠦᠨᠳᠦ ᠰᠤᠷᠲᠠᠯ ᠶᠡᠬᠡ᠂ ᠮᠥᠨ ᠲᠦᠭᠦᠬᠡᠢ ᠡᠳ᠋ ᠍ ᠢᠶᠡᠨ 99 ᠬᠤᠪᠢ ᠢᠮᠫᠣᠷᠲ ᠢᠶᠠᠷ ᠠᠪᠳᠠᠭ ᠤᠴᠢᠷ ᠦᠨᠳᠦᠰᠦᠨ ᠦ ᠦᠢᠯᠡᠳᠪᠦᠷᠢᠯᠡᠭᠴᠢᠳ ᠢ ᠳᠡᠮᠵᠢᠭᠰᠡᠨ᠂ ᠬᠠᠮᠠᠭᠠᠯᠠᠭᠰᠠᠨ ᠲᠣᠭᠲᠠᠪᠤᠷᠢᠲᠠᠢ ᠪᠣᠳᠣᠯᠭ᠎ᠠ ᠴᠢᠬᠤᠯᠠ ᠪᠠᠢᠢᠭ᠎ᠠ ᠢᠢ ᠰᠠᠯᠪᠤᠷᠢ ᠢᠢᠨ ᠬᠢᠨ ᠬᠡᠯᠡᠵᠦ ᠪᠠᠢᠢᠯ᠎ᠠ᠃
ᠲᠤᠬᠠᠢᠢᠯᠠᠪᠠᠯ᠂ ᠪᠡᠯᠡᠨ ᠪᠠᠷᠠᠭ᠎ᠠ ᠪᠦᠲᠦᠭᠡᠭ᠍ᠳᠡᠬᠦᠨ ᠣᠷᠣᠭᠤᠯᠵᠤ ᠢᠷᠡᠵᠦ ᠬᠤᠳᠠᠯᠳᠤᠬᠤ ᠳᠤ ᠥᠨᠳᠦᠷ ᠲᠠᠲᠠᠪᠤᠷᠢ ᠨᠣᠭᠳᠠᠭᠤᠯᠵᠤ᠂ ᠲᠦᠭᠦᠬᠡᠢ ᠡᠳ᠋ ᠍ ᠢᠶᠡᠨ ᠢᠮᠫᠣᠷᠲ ᠢᠶᠠᠷ ᠠᠪᠴᠤ ᠦᠢᠯᠡᠳᠪᠦᠷᠢᠯᠡᠯ ᠡᠷᠬᠢᠯᠡᠪᠡᠯ ᠪᠠᠭ᠎ᠠ ᠲᠠᠲᠠᠪᠤᠷᠢ ᠲᠠᠢ ᠪᠠᠢᠢᠬᠤ ᠨᠢ ᠵᠦᠢᠲᠡᠢ ᠭᠡᠵᠦ ᠦᠵᠡᠳᠡᠭ ᠢᠶᠡᠨ ᠢᠯᠡᠷᠬᠡᠢᠢᠯᠡᠯ᠎ᠡ᠃