Та "Internet explorer"-ийн сүүлийн хувилбар болох "Microsoft edge"-г ашиглана уу

Хэрэв "Microsoft edge"-г татах бол энд дарж татаж авна уу

ᠮᠣᠩᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠭᠤᠷᠪᠠ ᠳᠠᠬᠢ ᠡᠳᠦᠷ ᠢᠶᠡᠨ ᠦᠨᠳᠦᠰᠦᠨ ᠦ ᠦᠢᠯᠡᠳᠪᠦᠷᠢᠯᠡᠭᠴᠢ ᠠᠵᠤ ᠠᠬᠤᠢ ᠢᠢᠨ ᠨᠢᠭᠡᠴᠡ ᠨᠦᠭᠦᠳ ᠲᠥ ᠠᠵᠢᠯᠯᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠦᠨᠡᠰᠦᠨ ᠦ ᠮᠠᠩᠯᠠᠢ ᠦᠢᠯᠡᠳᠪᠦᠷᠢ 《ᠥᠭ᠍ᠭᠦᠭᠡᠴᠢ-ᠰᠢᠬᠢᠷ ᠪᠣᠣᠪᠣ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ᠍ ᠳᠤ ᠠᠵᠢᠯᠯᠠᠯ᠎ᠠ᠃

ᠺᠣᠮᠫᠠᠨᠢ ᠢᠢᠨ ᠶᠡᠷᠦᠩᠬᠡᠢ ᠵᠠᠬᠢᠷᠤᠯ ᠰ ∙ ᠲᠦᠮᠡᠩ᠋ᠭᠡᠷᠡᠯ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠴᠠᠭ ᠦᠶ ᠡ ᠣᠯᠤᠭᠰᠠᠨ᠃ ᠢᠷᠭᠡᠳ ᠨᠢ ᠡᠷᠡᠭᠦᠯ᠂ ᠠᠵᠢᠯ ᠲᠠᠢ᠂ ᠣᠷᠣᠯᠭ᠎ᠠ ᠲᠠᠢ᠂ ᠦᠨᠳᠦᠰᠦᠨ ᠦ ᠦᠢᠯᠡᠳᠪᠦᠷᠢᠯᠡᠯ ᠬᠥᠭ᠍ᠵᠢᠬᠦ ᠪᠣᠯᠤᠮᠵᠢ》 ᠬᠡᠮᠡᠨ ᠳᠡᠮᠵᠢᠵᠦ ᠪᠠᠢᠢᠭ᠎ᠠ ᠪᠠᠨ ᠢᠯᠡᠷᠬᠡᠢᠢᠯᠡᠯ᠎ᠡ᠃

ᠬᠠᠮᠤᠭ ᠤᠨ ᠭᠣᠣᠯ ᠨᠢ ᠲᠥᠷᠥ᠂ ᠵᠠᠰᠠᠭ ᠤᠨ ᠪᠣᠳᠣᠯᠭ᠎ᠠ᠂ ᠰᠢᠢᠳᠪᠦᠷᠢ ᠲᠣᠳᠣᠷᠬᠠᠢ᠂ ᠲᠣᠭᠲᠠᠪᠤᠷᠢᠲᠠᠢ ᠪᠠᠢᠢᠬᠤ᠂ ᠲᠥᠷᠥ ᠢᠢᠨ ᠪᠦᠬᠦ ᠱᠠᠲᠤᠨ ᠤ ᠪᠠᠢᠢᠭᠤᠯᠤᠯᠭ᠎ᠠ᠂ ᠬᠤᠪᠢ ᠤᠨ ᠬᠡᠪᠰᠢᠯ᠂ ᠢᠷᠭᠡᠳ ᠬᠠᠮᠲᠤᠷᠠᠬᠤ᠂ ᠲᠥᠷᠥ ᠢᠢᠨ ᠪᠠᠢᠢᠭᠤᠯᠤᠯᠭ᠎ᠠ ᠨᠤᠭᠤᠳ ᠬᠣᠭᠣᠷᠣᠨᠳᠣ ᠢᠢᠨ ᠤᠶᠠᠯᠳᠤᠭ᠎ᠠ ᠬᠣᠯᠪᠣᠭ᠎ᠠ ᠴᠢᠬᠤᠯᠠ ᠭᠡᠳᠡᠭ ᠢ ᠬᠡᠯᠡᠪᠡ᠃

86 ᠵᠢᠯ ᠦᠨ ᠲᠡᠦᠬᠡ ᠲᠡᠢ ᠲᠤᠰ ᠺᠣᠮᠫᠠᠨᠢ 165 ᠲᠥᠷᠦᠯ ᠦᠨ ᠨᠡᠷ᠎ᠡ ᠢᠢᠨ ᠪᠦᠲᠦᠭᠡᠭ᠍ᠳᠡᠬᠦᠨ ᠲᠡᠢ᠂ ᠡᠳᠦᠷ ᠲᠥ 40 ᠭᠠᠷᠤᠢ ᠲᠤ᠋ᠨ᠋ᠨ‍᠋᠋᠂‍᠋᠋ ᠪᠦᠲᠦᠭᠡᠭ᠍ᠳᠡᠬᠦᠨ ᠦᠢᠯᠡᠳᠪᠦᠷᠢᠯᠡᠳᠡᠭ ᠪᠥᠭᠡᠳ ᠤᠯᠠᠭᠠᠨᠪᠠᠭᠠᠲᠤᠷ ᠬᠣᠲᠠ ᠢᠢᠨ ᠨᠠᠷᠢᠨ ᠪᠣᠣᠪᠣᠨ ᠤ ᠵᠠᠬ᠎ᠠ ᠵᠡᠭᠡᠯᠢ ᠢᠢᠨ 70 ᠬᠤᠪᠢ ᠢ ᠬᠠᠩ᠋ᠭᠠᠳᠠᠭ᠃

ᠭᠡᠪᠡᠴᠦ ᠲᠦᠭᠦᠬᠡᠢ ᠡᠳ᠋᠂ ᠮᠠᠲ᠋ᠧᠷᠢᠶᠠᠯ ᠤᠨ ᠦᠨ᠎ᠡ᠂ ᠸᠠᠯᠥᠲ᠋ ᠢᠢᠨ ᠬᠠᠩᠰᠢ᠂ ᠳᠣᠲᠣᠭᠠᠳᠤ᠂ ᠭᠠᠳᠠᠭᠠᠳᠤ ᠲᠡᠭᠡᠭᠡᠪᠦᠷᠢ ᠢᠢᠨ ᠵᠠᠷᠤᠳᠠᠯ ᠥᠰᠴᠦ ᠪᠠᠢᠢᠭ᠎ᠠ ᠨᠢ ᠬᠦᠨᠳᠦᠷᠡᠯ ᠤᠴᠠᠷᠠᠭᠤᠯᠵᠤ ᠪᠠᠢᠢᠨ᠎ᠠ᠃ ᠦᠨᠳᠦᠰᠦᠨ ᠪᠣᠯᠤᠨ ᠲᠤᠰᠯᠠᠬᠤ ᠲᠦᠭᠦᠬᠡᠢ ᠡᠳ᠋᠂ ᠮᠠᠲ᠋ᠧᠷᠢᠶᠠᠯ᠂ ᠰᠠᠪᠠ ᠪᠠᠭᠯᠠᠭ᠎ᠠ ᠪᠣᠭᠣᠳᠠᠯ ᠤᠨ 90 ᠭᠠᠷᠤᠢ ᠬᠤᠪᠢ ᠢ ᠭᠠᠳᠠᠭᠠᠳᠤ ᠠᠴᠠ ᠸᠠᠯᠦᠲ᠋ ᠪᠠᠷ ᠬᠤᠳᠠᠯᠳᠤᠨ ᠠᠪᠳᠠᠭ ᠨᠢ ᠪᠦᠲᠦᠭᠡᠭ᠍ᠳᠡᠬᠦᠨ ᠦ ᠥᠷᠲᠡᠭ ᠲᠥ ᠨᠥᠯᠦᠭᠡᠯᠡᠬᠦ ᠪᠣᠯᠵᠠᠢ᠃

ᠨᠡᠮᠡᠭᠳᠡᠯ ᠥᠷᠲᠡᠭ ᠦᠨ ᠠᠯᠪᠠᠨ ᠲᠠᠲᠠᠪᠤᠷᠢ ᠢ ᠲᠠᠪᠤᠨ ᠬᠤᠪᠢ ᠪᠣᠯᠭᠠᠬᠤ᠂ ᠬᠦᠨᠡᠰᠦᠨ ᠦ ᠦᠢᠯᠡᠳᠪᠦᠷᠢ ᠪᠠᠷᠢᠬᠤ ᠪᠣᠯ ᠤᠷᠲᠤ ᠬᠤᠭᠤᠴᠠᠭ᠎ᠠ ᠲᠠᠢ᠂ ᠪᠠᠭ᠎ᠠ ᠬᠥᠦᠲᠡᠢ ᠵᠢᠭᠡᠯᠡ ᠪᠡᠷ ᠳᠡᠮᠵᠢᠬᠦ᠂ ᠬᠠᠪᠲᠠᠭᠠᠢᠢᠷᠠᠭᠰᠠᠨ ᠬᠠᠯᠠᠮᠵᠢ ᠢᠢᠨ ᠪᠣᠳᠣᠯᠭ᠎ᠠ ᠢᠢ ᠡᠷᠭᠢᠵᠦ ᠬᠠᠷᠠᠬᠤ᠂ ᠨᠡᠢᠢᠭᠡᠮ ᠤᠨ ᠳᠠᠭᠠᠳᠬᠠᠯ ᠤᠨ ᠰᠢᠮᠡᠳᠭᠡᠯ ᠲᠥᠯᠦᠳᠡᠭ ᠬᠡᠰᠡᠭ ᠢᠶᠡᠨ ᠲᠦᠯᠬᠢᠭᠦᠦ ᠳᠡᠮᠵᠢᠬᠦ᠂ ᠠᠵᠢᠯ ᠤᠨ ᠪᠠᠢᠢᠷᠢ ᠪᠤᠢ ᠪᠣᠯᠭᠠᠭᠰᠠᠨ ᠲᠣᠬᠢᠶᠠᠯᠳᠤᠯ ᠳᠤ ᠲᠠᠲᠠᠪᠤᠷᠢ ᠢᠢᠨ ᠬᠥᠩ᠋ᠭᠡᠯᠡᠯᠲᠡ᠂ ᠴᠢᠯᠦᠭᠡᠯᠡᠯᠲᠡ ᠦᠵᠡᠭᠦᠯᠬᠦ ᠨᠢ ᠵᠦᠢᠲᠡᠢ ᠭᠡᠵᠦ ᠦᠵᠡᠳᠡᠭ ᠢᠶᠡᠨ ᠶᠡᠷᠦᠩᠬᠡᠢ ᠵᠠᠬᠢᠷᠤᠯ ᠰ ∙ ᠲᠦᠮᠡᠩ᠋ᠭᠡᠷᠡᠯ ᠬᠡᠯᠡᠯ᠎ᠡ᠃

《ᠥᠭ᠍ᠭᠦᠭᠡᠴᠢ-ᠰᠢᠬᠢᠷ ᠪᠣᠣᠪᠣ》 ᠺᠣᠮᠫᠠᠨᠢ 500 ᠭᠠᠷᠤᠢ ᠠᠵᠢᠯᠯᠠᠭᠰᠠᠳ ᠲᠠᠢ ᠪᠥᠭᠡᠳ 60 ᠭᠠᠷᠤᠢ ᠬᠤᠪᠢ ᠨᠢ ᠡᠮᠡᠭᠲᠡᠢᠢᠴᠦᠳ ᠶᠤᠮ᠃

ᠪᠦᠬᠦ ᠪᠦᠲᠦᠭᠡᠭ᠍ᠳᠡᠬᠦᠨ ᠢᠶᠡᠨ ᠱᠠᠲᠤ ᠳᠠᠮᠵᠢᠯᠭ᠎ᠠ ᠪᠦᠷᠢ ᠳᠥ ᠨᠢ ᠲᠧᠭᠨᠣᠯᠣᠭᠢ ᠢᠢᠨ ᠪᠣᠯᠤᠨ ᠯᠠᠪᠤᠷᠠᠲ᠋ᠣᠷᠢ ᠢᠢᠨ ᠢᠵᠢ ᠪᠦᠷᠢᠨ ᠬᠢᠨᠠᠯᠲᠠ ᠳᠤ ᠬᠠᠮᠤᠷᠤᠭᠤᠯᠳᠠᠭ᠃ ᠮᠥᠨ ᠤᠯᠠᠷᠢᠯ ᠲᠤᠲᠤᠮ ᠬᠥᠨᠳᠡᠯᠡᠩ ᠦᠨ ᠬᠢᠨᠠᠯᠲᠠ ᠢᠢᠨ ᠯᠠᠪᠤᠷᠠᠲ᠋ᠣᠷᠢ ᠳᠤ ᠰᠢᠨᠵᠢᠯᠡᠭᠦᠯᠵᠦ᠂ ᠴᠢᠨᠠᠷ ᠤᠨ ᠪᠠᠲᠤᠯᠠᠭᠠᠵᠢᠭᠤᠯᠤᠯᠲᠠ ᠬᠢᠯᠭᠡᠳᠡᠭ ᠶᠤᠮ ᠪᠠᠢᠢᠨ᠎ᠠ᠃

ᠵᠢᠯ ᠪᠦᠷᠢ ᠤᠯᠤᠰ ᠤᠨ ᠲᠥᠰᠥᠪ ᠲᠥ ᠲᠠᠪᠤ ᠣᠷᠴᠢᠮ ᠲᠡᠷᠪᠤᠮ ᠲᠥᠭᠥᠷᠢᠭ᠌ ᠦᠨ ᠲᠠᠲᠠᠪᠤᠷᠢ᠂ ᠰᠢᠮᠡᠳᠭᠡᠯ ᠲᠥᠪᠯᠡᠷᠡᠭᠦᠯᠳᠡᠭ ᠶᠤᠮ᠃