Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠶᠢᠷᠠᠮᠳᠠᠬᠤ ᠺᠠᠼᠠᠺᠰᠲ᠋ᠠᠨ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠪᠦᠭᠦᠳᠡ ᠨᠠᠶᠢᠷᠠᠮᠳᠠᠬᠤ ᠺᠠᠼᠠᠺᠰᠲ᠋ᠠᠨ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠶᠢᠳ ᠭᠠᠪᠢᠲ ᠺᠣᠶᠢᠰᠢᠪᠠᠸᠸ 2022 ᠣᠨ ᠤ 06 ᠳ᠋ᠤᠭᠠᠷ ᠰᠠᠷ᠎ᠠ ᠶᠢᠨ 13 ᠍ ᠤ ᠡᠳᠦᠷ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠦᠰᠦᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠥᠨ ᠪᠠᠷᠢᠯ ᠠ᠃

ᠮᠣᠩ᠋ᠭᠣᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠭᠰᠠᠨ ᠳᠤ ᠨᠢ ᠶᠡᠷᠦᠩᠬᠡᠶᠢᠯᠡᠭᠴᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠪᠡ᠃

ᠡᠨᠡ ᠣᠨ ᠳᠤ ᠮᠣᠩ᠋ᠭᠣᠯ᠂ ᠺᠠᠼᠠᠺᠰᠲ᠋ᠠᠨ  ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠲᠣᠬᠢᠶᠠᠵᠤ ᠪᠤᠢ ᠶᠢ ᠠᠭᠤᠯᠵᠠᠯᠲᠠ ᠶᠢᠨ ᠦᠶ᠎ᠡ ᠪᠡᠷ ᠣᠨᠴᠠᠯᠠᠵᠤ᠂ ᠬᠤᠳᠠᠯᠳᠤᠭ᠎ᠠ᠂ ᠡᠳ᠋ ᠍ ᠦᠨ ᠵᠠᠰᠠᠭ᠂ ᠰᠤᠶᠤᠯ᠂ ᠪᠣᠯᠪᠠᠰᠤᠷᠠᠯ ᠵᠡᠷᠭᠡ ᠰᠠᠯᠪᠤᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ᠃

ᠮᠣᠩ᠋ᠭᠣᠯ ᠤᠯᠤᠰ᠂ ᠪᠦᠭᠦᠳᠡ ᠨᠠᠶᠢᠷᠠᠮᠳᠠᠬᠤ ᠺᠠᠼᠠᠺᠰᠲ᠋ᠠᠨ ᠤᠯᠤᠰ ᠬᠣᠶᠠᠭᠤᠯᠠ ᠪᠠᠨ ᠳᠠᠯᠠᠢ ᠳᠤ ᠭᠠᠷᠤᠴᠠ ᠦᠭᠡᠢ᠃ ᠡᠶᠢᠮᠦ ᠡᠴᠡ ᠭᠠᠳᠠᠭᠠᠳᠤ ᠬᠤᠳᠠᠯᠳᠤᠭᠠᠨ ᠤ ᠵᠠᠬ᠎ᠠ ᠵᠡᠭᠡᠯᠢ ᠶᠢ ᠲᠥᠷᠦᠯᠵᠢᠭᠦᠯᠬᠦ᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠶᠢᠳᠠᠯ ᠢ ᠬᠠᠩ᠋ᠭᠠᠬᠤ᠂ ᠪᠠᠷᠠᠭ᠎ᠠ ᠪᠦᠲᠦᠭᠡᠭ᠍ᠳᠡᠬᠦᠨ ᠬᠠᠷᠢᠯᠴᠠᠨ ᠨᠡᠶᠢᠯᠡᠭᠦᠯᠬᠦ ᠰᠢᠨ᠎ᠡ ᠭᠠᠷᠴᠠ ᠶᠢ ᠡᠷᠢᠯᠬᠢᠯᠡᠬᠦ ᠳᠥ ᠪᠡᠯᠡᠨ ᠪᠠᠶᠢᠭ᠎ᠠ ᠪᠠᠨ ᠡᠯᠴᠢᠨ ᠰᠠᠶᠢᠳ ᠭᠠᠪᠢᠲ ᠺᠣᠶᠢᠰᠢᠪᠠᠸᠸ ᠢᠯᠡᠷᠬᠡᠶᠢᠯᠡᠪᠡ᠃