Та "Internet explorer"-ийн сүүлийн хувилбар болох "Microsoft edge"-г ашиглана уу

Хэрэв "Microsoft edge"-г татах бол энд дарж татаж авна уу

ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠡᠯᠴᠢᠨ ᠰᠠᠢᠢᠳ ᠴᠠᠢ ᠸᠡᠨᠢᠷᠤᠢ ᠢᠢ ᠬᠦᠯᠢᠶᠡᠨ ᠠᠪᠴᠤ ᠠᠭᠤᠯᠵᠠᠪᠠ

ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠴᠠᠢ ᠸᠡᠨᠢᠷᠤᠢ  ᠢᠢ 2022 ᠣᠨ ᠤ 06 ᠳ᠋ᠤᠭᠠᠷ ᠰᠠᠷ᠎ᠠ ᠢᠢᠨ 13 ᠍ ᠤ ᠡᠳᠦᠷ ᠬᠦᠯᠢᠶᠡᠨ ᠠᠪᠴᠤ ᠠᠭᠤᠯᠵᠠᠪᠠ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠦᠰᠦᠬᠡ ᠳᠥ ᠮᠡᠨᠳᠦᠴᠢᠯᠡᠭᠡ ᠳᠡᠪᠰᠢᠭᠦᠯᠵᠦ᠂ ᠵᠠᠬᠢᠳᠠᠯ ᠢᠷᠡᠭᠦᠯᠦᠭᠰᠡᠨ ᠢ ᠡᠯᠴᠢᠨ ᠰᠠᠢᠢᠳ ᠤᠯᠠᠮᠵᠢᠯᠠᠪᠠ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠮᠣᠩ᠋᠋ᠭᠣᠯ᠂ ᠬᠢᠲᠠᠳ ᠤᠨ ᠨᠠᠢᠢᠷᠰᠠᠭ ᠬᠠᠷᠢᠯᠴᠠᠭ᠎ᠠ ᠢᠢ ᠬᠥᠭ᠍ᠵᠢᠭᠦᠯᠬᠦ ᠠᠰᠠᠭᠤᠳᠠᠯ ᠢ ᠴᠢᠬᠤᠯᠠᠴᠢᠯᠠᠨ ᠦᠵᠡᠳᠡᠭ ᠢᠶᠡᠨ ᠣᠨᠴᠠᠯᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠭᠠᠷᠭᠠᠬᠤ ᠢᠢᠨ ᠲᠥᠯᠦᠭᠡ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠵᠡᠢ᠃

ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠬᠢᠬᠦ ᠠᠢᠢᠯᠴᠢᠯᠠᠯ ᠢ ᠲᠡᠷᠢᠭᠦᠨ ᠡᠭᠡᠯᠵᠢᠨ ᠳᠥ ᠬᠡᠷᠡᠭᠵᠢᠭᠦᠯᠬᠦ ᠳᠥ ᠪᠡᠯᠡᠨ ᠪᠠᠢᠢᠭ᠎ᠠ ᠪᠠᠨ ᠬᠢᠲᠠᠳ ᠤᠨ ᠲᠠᠯ᠎ᠠ ᠳ᠋ᠠᠬᠢᠨ ᠨᠣᠲᠠᠯᠠᠪᠠ᠃

ᠴᠠᠷ᠎ ᠲᠠᠬᠤᠯ ᠤᠨ ᠦᠶ᠎ᠡ ᠳᠥ ᠴᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠦᠬᠦ ᠰᠠᠯᠪᠤᠷᠢ ᠳᠤ ᠭᠦᠨᠵᠡᠭᠡᠢᠢᠷᠡᠨ ᠬᠥᠭ᠍ᠵᠢᠵᠦ᠂ ᠤᠯᠤᠰ ᠲᠥᠷᠦ ᠢᠢᠨ ᠬᠠᠷᠢᠯᠴᠠᠨ ᠢᠲᠡᠭᠡᠯᠴᠡᠯ ᠪᠡᠬᠢᠵᠢᠨ᠂ ᠬᠦᠮᠦᠨᠯᠢᠭ ᠦᠨ ᠬᠠᠷᠢᠯᠴᠠᠭ᠎ᠠ ᠲᠡᠯᠡᠵᠦ᠂ ᠬᠣᠶᠠᠷ ᠠᠷᠠᠳ ᠲᠦᠮᠡᠨ ᠦ ᠨᠥᠬᠥᠷᠯᠡᠯ ᠨᠢᠭᠲᠠᠷᠠᠨ᠂ ᠣᠯᠠᠨ ᠤᠯᠤᠰ ᠪᠣᠯᠤᠨ ᠪᠦᠰᠡ ᠨᠤᠲᠤᠭ ᠤᠨ ᠠᠰᠠᠭᠤᠳᠠᠯ  ᠢᠢᠠᠷ ᠬᠢ ᠬᠠᠮᠲᠤ ᠢᠢᠨ ᠠᠵᠢᠯᠯᠠᠭ᠎ᠠ ᠥᠷᠭᠡᠵᠢᠵᠦ ᠪᠤᠢ ᠢᠢ ᠡᠯᠴᠢᠨ ᠰᠠᠢᠢᠳ ᠴᠠᠢ ᠸᠡᠨᠢᠷᠤᠢ ᠣᠨᠴᠠᠯᠠᠪᠠ᠃

ᠲᠡᠷᠡ ᠪᠡᠷ ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠨᠢ ᠳᠡᠯᠡᠬᠡᠢ ᠢᠢᠨ ᠪᠠᠢᠢᠭᠠᠯᠢ ᠣᠷᠴᠢᠨ ᠢ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠳᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠦᠭ ᠡᠴᠡ ᠥᠨᠳᠥᠷ ᠦᠨᠡᠯᠡᠵᠦ ᠪᠠᠢᠢᠭ᠎ᠠ ᠪᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠢᠫᠢᠨ ᠮᠡᠨᠳᠦᠴᠢᠯᠡᠭᠡ ᠢᠷᠡᠭᠦᠯᠦᠭᠰᠡᠨ ᠳᠥ ᠲᠠᠯᠠᠷᠬᠠᠯ ᠢᠯᠡᠷᠬᠡᠢᠢᠯᠡᠵᠦ᠂ ᠬᠠᠷᠢᠭᠤ ᠵᠠᠬᠢᠳᠠᠯ ᠢ ᠡᠯᠴᠢᠨ ᠰᠠᠢᠢᠳ ᠲᠤ ᠭᠠᠷᠳᠠᠭᠤᠯᠪᠠ᠃

ᠮᠣᠩ᠋᠋ᠭᠣᠯ ᠤᠯᠤᠰ ᠭᠠᠳᠠᠭᠠᠳᠤ ᠪᠣᠳᠣᠯᠭ᠎ᠠ ᠢᠢᠨ ᠢᠶᠠᠨ ᠲᠡᠷᠢᠭᠦᠯᠡᠬᠦ ᠴᠢᠭᠯᠡᠯ ᠦᠨ ᠬᠦᠷᠢᠶᠡᠨ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠨ ᠢᠳᠡᠪᠬᠢᠲᠡᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠢᠢ ᠲᠡᠮᠳᠡᠭᠯᠡᠪᠡ᠃

ᠮᠥᠨ ᠴᠠᠷ᠎ ᠲᠠᠬᠤᠯ ᠤᠨ ᠬᠦᠨᠳᠦ ᠬᠡᠴᠡᠭᠦᠦ ᠦᠶ᠎ᠡ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠠᠴᠠ ᠮᠣᠩ᠋᠋ᠭᠣᠯ ᠤᠯᠤᠰ ᠲᠤ 31 ᠰᠠᠶ᠎ᠠ ᠶᠤᠸᠠᠨ ᠤᠨ ᠥᠷᠲᠡᠭ ᠪᠦᠬᠦᠢ ᠡᠮ᠂ ᠡᠮᠨᠡᠯᠭᠡ ᠢᠢᠨ ᠬᠡᠷᠡᠭᠰᠡᠯ᠂ ᠲᠣᠨᠣᠭ ᠲᠥᠬᠦᠭᠡᠷᠦᠮᠵᠢ ᠢᠢᠨ ᠲᠤᠰᠠᠯᠠᠯᠴᠠᠭ᠎ᠠ ᠦᠵᠡᠭᠦᠯᠦᠭᠰᠡᠨ ᠨᠢ ᠴᠠᠷ ᠲᠠᠬᠤᠯ ᠢ ᠳᠠᠪᠠᠨ ᠲᠤᠭᠤᠯᠬᠤ ᠳᠤ ᠦᠨᠡᠲᠡᠢ ᠬᠤᠪᠢ ᠨᠡᠮᠡᠷᠢ ᠣᠷᠣᠭᠤᠯᠤᠭᠰᠠᠨ ᠢ ᠣᠨᠴᠠᠯᠠᠵᠤ᠂ ᠲᠠᠯᠠᠷᠬᠠᠯ ᠢᠯᠡᠷᠬᠡᠢᠢᠯᠡᠪᠡ᠃

ᠣᠯᠠᠨ ᠤᠯᠤᠰ ᠤᠨ ᠨᠥᠬᠥᠴᠡᠯ ᠪᠠᠢᠢᠳᠠᠯ ᠲᠣᠭᠲᠠᠪᠤᠷᠢ ᠦᠭᠡᠢ᠂ ᠴᠠᠷ᠎ᠠ ᠲᠠᠬᠤᠯ ᠨᠠᠮᠵᠢᠭ᠎ᠠ ᠦᠭᠡᠢ ᠬᠡᠳᠦᠢ ᠴᠤ ᠡᠳ᠋ ᠍ ᠦᠨ ᠵᠠᠰᠠᠭ᠂ ᠲᠡᠭᠡᠭᠡᠪᠦᠷᠢ ᠯᠣᠵᠢᠰᠲ᠋ᠢᠭ ᠤᠨ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠡᠷᠭᠦᠭᠡᠨ ᠡᠷᠴᠢᠮᠵᠢᠭᠦᠯᠬᠦ ᠲᠠᠯ᠎ᠠ ᠪᠠᠷ ᠬᠠᠷᠢᠯᠴᠠᠨ ᠰᠠᠨᠠᠯ ᠰᠤᠯᠢᠯᠴᠠᠪᠠ᠃