Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠡᠮᠡᠭᠲᠡᠢᠢᠴᠦᠳ᠂ ᠡᠩᠬᠡ ᠲᠠᠢᠢᠪᠤᠩ ᠪᠠ ᠠᠶᠤᠯ ᠦᠭᠡᠢ ᠪᠠᠢᠢᠳᠠᠯ》 ᠣᠯᠠᠨ ᠤᠯᠤᠰ ᠤᠨ ᠪᠠᠭ᠎ᠠ ᠬᠤᠷᠠᠯ ᠪᠣᠯᠤᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠢᠪᠡᠭᠡᠯ ᠳᠣᠣᠷ᠎ᠠ 《ᠡᠮᠡᠭᠲᠡᠢᠢᠴᠦᠳ᠂ ᠡᠩᠬᠡ ᠲᠠᠢᠢᠪᠤᠩ ᠪᠠ ᠠᠶᠤᠯ ᠦᠭᠡᠢ ᠪᠠᠢᠢᠳᠠᠯ》 ᠰᠡᠳᠦᠪᠲᠦ ᠣᠯᠠᠨ ᠤᠯᠤᠰ ᠤᠨ ᠡᠩᠬᠡ ᠢᠢ ᠰᠠᠬᠢᠭᠤᠯᠤᠭᠴᠢ ᠡᠮᠡᠭᠲᠡᠢᠢᠴᠦᠳ ᠦᠨ ᠪᠠᠭ᠎ᠠ ᠬᠤᠷᠠᠯ 2022 ᠣᠨ ᠤ 06 ᠳ᠋ᠤᠭᠠᠷ ᠰᠠᠷ᠎ᠠ ᠢᠢᠨ 16-18 ᠍ ᠤ ᠡᠳᠦᠷ ᠦᠳ ᠲᠥ ᠤᠯᠠᠭᠠᠨᠪᠠᠭᠠᠲᠤᠷ ᠬᠣᠲᠠᠨ ᠠ ᠪᠣᠯᠤᠨ᠎ᠠ᠃

ᠪᠠᠭ᠎ᠠ ᠬᠤᠷᠠᠯ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ (ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ)᠂ ᠧᠦ᠋ᠷᠣᠫᠠ ᠢᠢᠨ ᠬᠣᠯᠪᠣᠭ᠎ᠠ ᠪᠣᠯᠤᠨ ᠳᠡᠯᠡᠬᠡᠢ ᠢᠢᠨ 30 ᠣᠷᠣᠨ ᠤ ᠲᠥᠯᠦᠭᠡᠯᠡᠭᠴᠢᠳ᠂ ᠮᠣᠩ᠋ᠭᠣᠯ ᠤᠯᠤᠰ ᠤᠨ ᠵᠡᠪᠰᠡᠭᠲᠦ ᠬᠦᠴᠦᠨ᠂ ᠲᠥᠷᠦ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠡᠩᠬᠡ ᠢᠢ ᠰᠠᠬᠢᠭᠤᠯᠤᠭᠴᠢ ᠡᠮᠡᠭᠲᠡᠢ ᠠᠯᠪᠠ ᠬᠠᠭᠠᠭᠴᠢᠳ ᠣᠷᠣᠯᠴᠠᠨ᠎ᠠ᠃

ᠮᠥᠨ ᠳᠡᠯᠡᠬᠡᠢ ᠢᠢᠨ ᠵᠠᠷᠢᠮ ᠤᠯᠤᠰ ᠣᠷᠣᠨ ᠳᠤ ᠶᠠᠪᠤᠭᠳᠠᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠭᠦᠷᠭᠡ ᠭᠦᠢᠴᠡᠳᠭᠡᠵᠦ ᠪᠤᠢ ᠠᠵᠢᠯᠲᠠᠨ ᠨᠤᠭᠤᠳ᠂ ᠴᠡᠷᠢᠭ ᠦᠨ ᠪᠠᠭ ᠤᠳ ᠤᠨ ᠤᠳᠤᠷᠢᠳᠤᠯᠭ᠎ᠠ᠂ ᠴᠡᠷᠢᠭ ᠦᠨ ᠠᠵᠢᠭᠯᠠᠭᠴᠢ᠂ ᠱᠲ᠋ᠠᠪ ᠤᠨ ᠣᠹᠢᠼᠧᠷ᠂ ᠠᠬᠠᠯᠠᠭᠴᠢ ᠨᠠᠷ᠂ ᠡᠩᠬᠡ ᠢᠢ ᠰᠠᠬᠢᠭᠤᠯᠤᠭᠴᠢ ᠡᠮᠡᠭᠲᠡᠢᠢᠴᠦᠳ᠂ ᠲᠡᠳᠡᠨ ᠦ ᠲᠥᠯᠥᠭᠡᠯᠡᠯ ᠴᠠᠬᠢᠮ ᠢᠶᠠᠷ ᠤᠷᠤᠯᠴᠠᠬᠤ ᠶᠤᠮ᠃

《ᠡᠮᠡᠭᠲᠡᠶᠢᠴᠦᠳ᠂ ᠡᠩᠬᠡ ᠲᠠᠶᠢᠪᠤᠩ ᠪᠠ ᠠᠶᠤᠯ ᠦᠭᠡᠢ ᠪᠠᠶᠢᠳᠠᠯ》 ᠣᠯᠠᠨ ᠤᠯᠤᠰ ᠤᠨ ᠪᠠᠭ᠎ᠠ ᠬᠤᠷᠠᠯ ᠢᠶᠠᠷ᠄

《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠡᠷᠢᠭ᠂ ᠴᠠᠭᠳᠠᠭ᠎ᠠ ᠢᠢᠨ ᠪᠦᠷᠢᠯᠳᠦᠬᠦᠨ ᠦ ᠵᠧᠨᠳᠧᠷ ᠦᠨ ᠲᠡᠭᠰᠢ ᠪᠠᠢᠢᠳᠠᠯ ᠢ ᠬᠠᠩ᠋ᠭᠠᠬᠤ ᠳᠤ ᠤᠯᠤᠰ ᠣᠷᠣᠨ ᠨᠤᠭᠤᠳ ᠲᠤ ᠲᠤᠯᠭᠠᠷᠴᠢ ᠪᠤᠢ ᠪᠡᠷᠬᠡᠰᠢᠶᠡᠯ ᠦᠳ ᠪᠣᠯᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠮᠡᠭᠲᠡᠢᠢᠴᠦᠳ ᠦᠨ ᠭᠦᠢᠴᠡᠳᠭᠡᠬᠦ ᠡᠭᠦᠷᠭᠡ ᠢᠢ ᠨᠡᠮᠡᠭᠳᠡᠭᠦᠯᠬᠦ ᠪᠣᠯᠤᠮᠵᠢ ᠨᠤᠭᠤᠳ ᠢ ᠲᠣᠳᠣᠷᠬᠠᠢᠢᠯᠠᠬᠤ》᠂

《ᠴᠡᠷᠢᠭ ᠦᠨ ᠠᠯᠪᠠᠨ ᠤ ᠪᠦᠬᠦ ᠱᠠᠲᠤᠨ ᠳᠤ ᠡᠮᠡᠭᠲᠡᠢᠢᠴᠦᠳ ᠢ ᠡᠯᠰᠡᠭᠦᠯᠬᠦ᠂ ᠰᠤᠷᠭᠠᠬᠤ᠂ ᠰᠣᠩ᠋ᠭᠣᠨ ᠰᠢᠯᠭᠠᠷᠠᠭᠤᠯᠬᠤ ᠳᠤ ᠲᠤᠯᠭᠠᠷᠠᠬᠤ ᠪᠡᠷᠬᠡᠰᠢᠶᠡᠯ ᠦᠳ᠂ ᠰᠠᠢᠢᠨ ᠲᠤᠷᠰᠢᠯᠭ᠎ᠠ》᠂

《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠮᠡᠭᠲᠡᠢ ᠴᠡᠷᠢᠭ ᠦᠨ ᠠᠯᠪᠠ ᠬᠠᠭᠠᠭᠴᠢᠳ ᠤᠨ ᠪᠥᠷᠢᠨ᠂ ᠡᠷᠬᠡ ᠲᠡᠭᠰᠢ᠂ ᠤᠳᠬ᠎ᠠ ᠲᠡᠭᠦᠯᠳᠡᠷ ᠣᠷᠣᠯᠴᠠᠭ᠎ᠠ ᠢᠢ ᠨᠡᠮᠡᠭᠳᠡᠭᠦᠯᠬᠦ ᠨᠢ》᠂

《ᠮᠣᠩ᠋ᠭᠣᠯ ᠤᠨ ᠡᠮᠡᠭᠲᠡᠢ ᠡᠩᠬᠡ ᠢᠢ ᠰᠠᠬᠢᠭᠤᠯᠤᠭᠴᠢᠳ᠄ ᠲᠤᠷᠰᠢᠯᠭ᠎ᠠ ᠰᠤᠷᠭᠠᠮᠵᠢ》 ᠵᠡᠷᠭᠡ ᠰᠡᠳᠦᠪ ᠦᠨ ᠬᠦᠷᠢᠶᠡᠨ ᠳᠥ ᠬᠡᠯᠡᠯᠴᠡᠭᠦᠯᠭᠡ ᠥᠷᠨᠢᠭᠦᠯᠦᠨ᠎ᠡ᠃

2022 ᠣᠨ ᠳᠤ ᠮᠣᠩ᠋ᠭᠣᠯ ᠴᠡᠷᠢᠭ ᠡᠩᠬᠡ ᠢᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠢᠢ ᠶᠣᠰᠣᠯᠠᠨ ᠲᠡᠮᠳᠡᠭᠯᠡᠵᠦ ᠪᠠᠢᠢᠨ᠎ᠠ᠃ ᠮᠣᠩ᠋ᠭᠣᠯ ᠤᠯᠤᠰ ᠤᠨ ᠵᠡᠪᠰᠡᠭᠲᠦ ᠬᠦᠴᠦᠨ ᠥᠩ᠋ᠭᠡᠷᠡᠭᠰᠡᠨ ᠬᠤᠭᠤᠴᠠᠭᠠᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠪᠣᠯᠤᠨ ᠣᠯᠠᠨ ᠤᠯᠤᠰ ᠤᠨ ᠴᠡᠷᠢᠭ ᠦᠨ ᠠᠵᠢᠯᠯᠠᠭᠠᠨ ᠳᠤ ᠳᠠᠪᠬᠤᠷᠳᠠᠭᠰᠠᠨ ᠲᠣᠭ᠎ᠠ ᠪᠠᠷ 20 ᠮᠢᠩ᠋ᠭ᠎ᠠ ᠭᠠᠷᠤᠢ ᠡᠩᠬᠡ ᠢᠢ ᠰᠠᠬᠢᠭᠤᠯᠤᠭᠴᠢ ᠢᠢ ᠢᠯᠡᠭᠡᠭ᠍ᠰᠡᠨ ᠦ ᠳᠣᠲᠣᠷ᠎ᠠ 911 ᠡᠮᠡᠭᠲᠡᠢ ᠠᠯᠪᠠ ᠬᠠᠭᠠᠭᠴᠢ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 76 ᠳ᠋ᠤᠭᠠᠷ ᠴᠢᠭᠤᠯᠭᠠᠨ ᠳᠤ ᠣᠷᠣᠯᠴᠠᠵᠤ ᠦᠭᠡ ᠬᠡᠯᠡᠬᠦ ᠦᠶ᠎ᠡ ᠪᠡᠷ ᠢᠶᠡᠨ ᠡᠩᠬᠡ ᠢᠢ ᠰᠠᠬᠢᠭᠤᠯᠤᠭᠴᠢ ᠡᠮᠡᠭᠲᠡᠢᠢᠴᠦᠳ ᠦᠨ ᠣᠯᠠᠨ ᠤᠯᠤᠰ ᠤᠨ ᠬᠤᠷᠠᠯ ᠢ 2022 ᠣᠨ ᠳᠤ ᠥᠪᠡᠷ ᠦᠨ ᠡᠬᠡ ᠣᠷᠣᠨ ᠳᠤ ᠵᠣᠬᠢᠶᠠᠨ ᠪᠠᠢᠢᠭᠤᠯᠬᠤ ᠪᠠᠨ ᠵᠠᠷᠯᠠᠭᠰᠠᠨ ᠶᠤᠮ᠃

ᠡᠨᠡᠬᠦ ᠣᠯᠠᠨ ᠤᠯᠤᠰ ᠤᠨ ᠪᠠᠭ᠎ᠠ ᠬᠤᠷᠠᠯ ᠢ ᠮᠣᠩ᠋ᠭᠣᠯ ᠤᠯᠤᠰ ᠪᠦᠰᠡ ᠨᠤᠲᠤᠭ ᠲᠤ ᠪᠠᠨ ᠠᠩᠬ᠎ᠠ ᠤᠳᠠᠭ᠎ᠠ ᠵᠣᠬᠢᠶᠠᠨ ᠪᠠᠢᠢᠭᠤᠯᠵᠤ ᠪᠤᠢ ᠪᠥᠭᠡᠳ ᠮᠠᠨ ᠤ ᠤᠯᠤᠰ ᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠤ ᠣᠷᠣᠯᠴᠠᠭ᠎ᠠ ᠢᠢ ᠰᠢᠨ᠎ᠡ ᠱᠠᠲᠤᠨ ᠳᠤ ᠭᠠᠷᠭᠠᠵᠤ᠂ ᠣᠯᠠᠨ ᠲᠠᠯᠠᠳᠤ᠂ ᠢᠳᠡᠪᠬᠢᠲᠡᠢ ᠣᠷᠣᠯᠴᠠᠭ᠎ᠠ ᠢᠢ ᠪᠤᠢ ᠪᠣᠯᠭᠠᠬᠤ ᠳᠤ ᠴᠢᠬᠤᠯᠠ ᠠᠴᠢ ᠬᠣᠯᠪᠣᠭᠳᠠᠯ ᠲᠠᠢ᠃