Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠲᠤ ᠠᠩᠬ᠎ᠠ ᠤᠳᠠᠭ᠎ᠠ ᠣᠢ ᠢᠢᠨ ᠭᠧᠨᠧᠲ᠋ᠢᠭ᠋ ᠨᠥᠭᠡᠴᠡ ᠢᠢᠨ ᠲᠥᠪ ᠪᠠᠢᠢᠭᠤᠯᠤᠭᠳᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ 《ᠡᠷᠳᠡᠨᠢᠲᠦ ᠦᠢᠯᠡᠳᠪᠦᠷᠢ》 ᠲᠥᠷᠦ ᠢᠢᠨ ᠥᠮᠴᠢᠲᠤ ᠦᠢᠯᠡᠳᠪᠦᠷᠢ ᠢᠢᠨ ᠭᠠᠵᠠᠷ ᠲᠤ ᠠᠵᠢᠯᠯᠠᠵᠤ᠂ ᠮᠣᠩ᠋ᠭᠣᠯ ᠤᠯᠤᠰ ᠲᠤ ᠠᠩᠬ᠎ᠠ ᠤᠳᠠᠭ᠎ᠠ ᠪᠠᠢᠢᠭᠤᠯᠤᠭᠳᠠᠭᠰᠠᠨ ᠣᠢ ᠢᠢᠨ ᠭᠧᠨᠧᠲ᠋ᠢᠭ ᠨᠥᠭᠡᠴᠡ ᠢᠢᠨ ᠲᠥᠪ ᠦᠨ ᠨᠡᠭᠡᠭᠡᠯᠲᠡ ᠳᠥ ᠣᠷᠣᠯᠴᠠᠯ᠎ᠠ᠃

1᠂000 ᠲᠣᠨ᠋ᠨ‍᠋᠋᠋ ᠦᠷ᠎ᠡ ᠢᠢᠨ ᠠᠭᠤᠯᠬᠤ ᠪᠦᠬᠦᠢ ᠣᠢ ᠢᠢᠨ ᠭᠧᠨᠧᠲ᠋ᠢᠭ ᠨᠥᠭᠡᠴᠡ ᠢᠢᠨ 《ᠡᠷᠳᠡᠨᠢᠲᠦ》 ᠲᠥᠪ ᠨᠢ ᠨᠡᠩ ᠬᠣᠪᠣᠷ᠂ ᠠᠰᠢᠭᠲᠠᠢ ᠪᠣᠯᠤᠨ ᠮᠣᠳᠣᠯᠢᠭ ᠤᠷᠭᠤᠮᠠᠯ ᠤᠨ ᠦᠷ᠎ᠡ ᠢᠢᠨ ᠰᠠᠨᠭ᠌ ᠪᠦᠷᠢᠳᠦᠭᠦᠯᠬᠦ᠂ ᠣᠢ ᠢᠢᠨ ᠭᠧᠨᠧᠲ᠋ᠢᠭ ᠨᠥᠭᠡᠴᠡ ᠢᠢ ᠬᠠᠳᠠᠭᠠᠯᠠᠬᠤ᠂ ᠬᠠᠮᠠᠭᠠᠯᠠᠬᠤ᠂ ᠲᠤᠷᠰᠢᠯᠲᠠ᠂ ᠰᠤᠳᠤᠯᠭ᠎ᠠ ᠬᠢᠬᠦ᠂ ᠲᠠᠷᠢᠵᠤ ᠤᠷᠭᠤᠭᠤᠯᠤᠭᠰᠠᠨ ᠣᠢ ᠢᠢᠨ ᠨᠥᠭᠡᠴᠡ ᠪᠡᠨ ᠡᠳ᠋ ᠍ ᠦᠨ ᠵᠠᠰᠠᠭ ᠤᠨ ᠡᠷᠭᠢᠯᠲᠡ ᠳᠥ ᠤᠷᠤᠭᠤᠯᠬᠤ ᠴᠢᠭᠯᠡᠯ ᠳᠥ ᠦᠢᠯᠡ ᠠᠵᠢᠯᠯᠠᠭ᠎ᠠ ᠶᠠᠪᠤᠭᠤᠯᠬᠤ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠨᠡ ᠦᠶ᠎ᠡ ᠪᠡᠷ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠢᠢᠨ ᠨᠥᠯᠥᠭᠡᠯᠡᠯ ᠢ ᠪᠠᠭᠤᠷᠠᠭᠤᠯᠬᠤ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠳᠥ ᠮᠠᠩᠯᠠᠢᠢᠯᠠᠨ ᠣᠷᠣᠯᠴᠠᠵᠤ ᠪᠤᠢ 《ᠡᠷᠳᠡᠨᠢᠲᠦ ᠦᠢᠯᠡᠳᠪᠦᠷᠢ》 ᠲᠥᠷᠥ ᠢᠢᠨ ᠥᠮᠴᠢᠲᠤ ᠦᠢᠯᠡᠳᠪᠦᠷᠢ ᠢᠢᠨ ᠭᠠᠵᠠᠷ ᠢᠢᠨ ᠬᠠᠮᠲᠤ ᠣᠯᠠᠨ ᠳᠤ ᠲᠠᠯᠠᠷᠬᠠᠯ ᠢᠯᠡᠷᠬᠡᠢᠢᠯᠡᠪᠡ᠃

ᠲᠤᠰ ᠲᠥᠪ ᠠᠰᠢᠭᠯᠠᠯᠲᠠ ᠳᠤ ᠣᠷᠣᠭᠰᠠᠨ ᠢᠶᠠᠷ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠪᠡᠷ ᠬᠡᠷᠡᠭᠵᠢᠬᠦ ᠦᠨᠳᠦᠰᠦ ᠪᠦᠷᠢᠳᠴᠦ ᠪᠠᠢᠢᠭ᠎ᠠ ᠢᠢ ᠣᠨᠴᠠᠯᠠᠯ᠎ᠠ᠃

ᠮᠣᠳᠣ ᠲᠠᠷᠢᠬᠤ᠂ ᠤᠷᠭᠤᠭᠤᠯᠬᠤ᠂ ᠬᠠᠮᠠᠭᠠᠯᠠᠬᠤ ᠪᠦᠬᠦᠢ ᠯᠠ ᠼᠢᠺᠯ ᠢᠢ ᠠᠭᠤᠯᠠᠭᠰᠠᠨ᠂ ᠦᠢᠯᠡᠳᠪᠦᠷᠢᠯᠡᠯ᠂ ᠰᠤᠳᠤᠯᠭ᠎ᠠ ᠰᠢᠨᠵᠢᠯᠡᠭᠡ᠂ ᠢᠨᠨᠣᠸᠠᠼ ᠢᠢᠨ ᠴᠣᠭᠴᠠᠯᠠᠪᠤᠷᠢ ᠢᠢ ᠪᠠᠢᠢᠭᠤᠯᠬᠤ ᠪᠠᠷ ᠲᠥᠯᠥᠪᠯᠡᠵᠦ᠂ ᠥᠨᠥᠳᠥᠷ ᠣᠢ ᠢᠢᠨ ᠭᠧᠨᠧᠲ᠋ᠢᠭ ᠨᠥᠭᠡᠴᠡ ᠢᠢᠨ ᠲᠥᠪ ᠢ ᠮᠣᠩ᠋ᠭᠣᠯ ᠤᠯᠤᠰ ᠲᠤ ᠠᠩᠬ᠎ᠠ ᠤᠳᠠᠭ᠎ᠠ ᠪᠠᠷᠢᠵᠤ ᠪᠠᠢᠢᠭᠤᠯᠤᠨ ᠠᠰᠢᠭᠯᠠᠯᠲᠠ ᠳᠤ ᠬᠦᠯᠢᠶᠡᠵᠦ ᠠᠪᠴᠤ ᠪᠠᠢᠢᠭ᠎ᠠ ᠳ᠋ᠤ ᠪᠠᠶᠠᠷ ᠬᠦᠷᠭᠡᠪᠡ᠃

ᠲᠤᠰ ᠲᠥᠪ ᠨᠢ ᠢᠷᠭᠡᠳ᠂ ᠣᠯᠠᠨ ᠨᠡᠢᠢᠲᠡ ᠳᠥ ᠨᠡᠭᠡᠭᠡᠯᠲᠡᠲᠡᠢ ᠦᠢᠯᠡᠴᠢᠯᠡᠵᠦ᠂ ᠦᠷ᠎ᠡ᠂ ᠲᠠᠷᠢᠴᠠ᠂ ᠰᠠᠭᠤᠯᠭᠠᠴᠠ ᠨᠡᠢᠢᠯᠡᠭᠦᠯᠬᠦ ᠡᠴᠡ ᠭᠠᠳᠠᠨ᠎ᠠ ᠢᠷᠭᠡᠳ ᠦᠨ ᠡᠺᠣᠯᠣᠭᠢ ᠤᠨ ᠪᠣᠯᠪᠠᠰᠤᠷᠠᠯ ᠢ ᠳᠡᠮᠵᠢᠬᠦ ᠵᠣᠷᠢᠯᠭ᠎ᠠ ᠪᠠᠷ ᠮᠣᠳᠣᠯᠢᠭ ᠤᠷᠭᠤᠮᠠᠯ ᠢ ᠲᠠᠷᠢᠵᠤ ᠤᠷᠭᠤᠭᠤᠯᠬᠤ ᠲᠠᠯ᠎ᠠ ᠪᠠᠷ ᠴᠤᠪᠤᠷᠠᠯ ᠰᠤᠷᠭᠠᠯᠲᠠ ᠨᠤᠭᠤᠳ ᠢ ᠵᠣᠬᠢᠶᠠᠨ ᠪᠠᠢᠢᠭᠤᠯᠬᠤ ᠶᠤᠮ᠃

ᠴᠢᠨᠠᠭᠰᠢᠳᠠ ᠪᠠᠨ ᠲᠤᠰ ᠲᠥᠪ ᠲᠥ ᠪᠠᠢᠢᠭᠠᠯᠢ ᠤᠨ ᠤᠷᠭᠤᠮᠠᠯ ᠤᠨ ᠦᠷ᠎ᠡ ᠢᠢᠨ ᠰᠠᠨᠭ᠌ ᠪᠦᠷᠢᠳᠦᠭᠦᠯᠬᠦ ᠵᠣᠷᠢᠯᠭ᠎ᠠ ᠲᠠᠢ ᠪᠥᠭᠡᠳ ᠮᠣᠩ᠋ᠭᠣᠯ ᠣᠷᠣᠨ ᠳᠤ ᠤᠷᠭᠤᠵᠤ ᠪᠤᠢ᠂ ᠬᠣᠪᠣᠷᠳᠠᠵᠤ ᠪᠤᠢ ᠣᠯᠠᠨ ᠤᠷᠭᠤᠮᠠᠯ ᠤᠨ ᠦᠷ᠎ᠡ ᠢᠢ ᠬᠠᠳᠠᠭᠠᠯᠠᠨ ᠬᠠᠮᠠᠭᠠᠯᠠᠬᠤ ᠣᠨᠤᠴᠤᠭᠠᠢ ᠡᠭᠦᠷᠭᠡ ᠲᠡᠢ ᠭᠡᠳᠡᠭ ᠢ 《ᠡᠷᠳᠡᠨᠢᠲᠦ ᠦᠢᠯᠡᠳᠪᠦᠷᠢ ᠲᠥᠷᠥ ᠢᠢᠨ ᠥᠮᠴᠢᠲᠤ ᠦᠢᠯᠡᠳᠪᠦᠷᠢ ᠢᠢᠨ ᠭᠠᠵᠠᠷ》 ᠍ ᠤᠨ 《ᠨᠣᠭᠣᠭᠠᠨ ᠬᠥᠭ᠍ᠵᠢᠯ》 ᠲᠥᠰᠥᠯ ᠦᠨ ᠨᠢᠭᠡᠴᠡ ᠢᠢᠨ ᠳᠠᠷᠤᠭ᠎ᠠ ᠶᠠ᠊ ∙ ᠠᠷᠢᠭᠤᠨᠵᠤᠯ ᠬᠡᠯᠡᠯ᠎ᠡ᠃

ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠢᠢᠳ ᠪᠠ‍ ∙ ᠪᠠᠲᠤ-ᠡᠷᠳᠡᠨᠢ ᠡᠨᠡ ᠦᠶ᠎ᠡ ᠪᠡᠷ 《ᠡᠷᠳᠡᠨᠢᠲᠦ ᠦᠢᠯᠡᠳᠪᠦᠷᠢ》 ᠲᠥᠷᠦ ᠢᠢᠨ ᠥᠮᠴᠢᠲᠤ ᠦᠢᠯᠡᠳᠪᠦᠷᠢ ᠢᠢᠨ ᠭᠠᠵᠠᠷ ᠲᠤ ᠣᠢ ᠢᠢᠨ ᠮᠡᠷᠭᠡᠵᠢᠯ ᠦᠨ ᠪᠠᠢᠢᠭᠤᠯᠤᠯᠭ᠎ᠠ ᠢᠢᠨ ᠭᠡᠷᠡᠴᠢᠯᠡᠭᠡ ᠢᠢ ᠨᠢ ᠭᠠᠷᠳᠠᠭᠤᠯᠤᠯ᠎ᠠ᠃

《ᠡᠷᠳᠡᠨᠢᠲᠦ ᠦᠢᠯᠡᠳᠪᠦᠷᠢ》 ᠲᠥᠷᠥ ᠢᠢᠨ ᠥᠮᠴᠢᠲᠤ ᠦᠢᠯᠡᠳᠪᠦᠷᠢ ᠢᠢᠨ ᠭᠠᠵᠠᠷ ᠨᠢ ᠢᠷᠡᠬᠦ 10 ᠵᠢᠯ ᠳᠥ 100 ᠰᠠᠶ᠎ᠠ ᠮᠣᠳᠣ ᠢᠢ ᠣᠷᠣᠨ ᠵᠠᠢ ᠢᠢᠨ ᠣᠨᠣᠪᠴᠢᠲᠠᠢ ᠲᠥᠯᠥᠪᠯᠡᠯᠲᠡ ᠪᠡᠷ ᠡᠺᠣᠰᠢᠰᠲ᠋ᠧᠮ᠂ ᠡᠳ᠋ ᠍ ᠦᠨ ᠵᠠᠰᠠᠭ ᠤᠨ ᠦᠷ᠎ᠡ ᠠᠰᠢᠭ ᠲᠠᠢ ᠪᠠᠷ ᠲᠠᠷᠢᠵᠤ ᠤᠷᠭᠤᠭᠤᠯᠬᠤ ᠲᠥᠯᠥᠪᠯᠡᠭᠡ ᠭᠠᠷᠭᠠᠨ ᠠᠵᠢᠯᠯᠠᠵᠤ ᠪᠠᠢᠢᠭ᠎ᠠ ᠶᠤᠮ᠃ ᠡᠭᠦᠨ ᠳᠥ᠄

ᠮᠣᠳᠣ ᠬᠦᠨᠡᠰᠦᠨ ᠦ ᠬᠣᠷᠰᠢᠯ ᠪᠦᠬᠦᠢ ᠡᠷᠦᠬᠡ ᠢᠢᠨ ᠠᠵᠤ ᠠᠬᠤᠢ ᠢᠢ ᠳᠡᠮᠵᠢᠬᠦ᠂ ᠭᠣᠪᠢ᠂ ᠬᠡᠭᠡᠷ᠎ᠡ ᠢᠢᠨ ᠪᠥᠰᠡ ᠳᠥ ᠴᠥᠯᠵᠢᠯᠲᠡ᠂ ᠭᠠᠵᠠᠷ ᠤᠨ ᠳᠣᠷᠣᠢᠢᠲᠠᠯ ᠢ ᠪᠠᠭᠤᠷᠠᠭᠤᠯᠬᠤ᠂ ᠠᠾᠷᠣ‍ ᠣᠢ ᠢᠢᠨ ᠵᠠᠷᠴᠢᠮ ᠢᠶᠠᠷ 30 ᠰᠠᠶ᠎ᠠ ᠮᠣᠳᠣ᠂

ᠬᠠᠩ᠋ᠭᠠᠢ ᠢᠢᠨ ᠪᠦᠰᠡ ᠢᠢᠨ ᠭᠣᠣᠯ ᠮᠥᠷᠡᠨ ᠦ ᠤᠰᠤᠨ ᠤ ᠨᠥᠭᠡᠴᠡ᠂ ᠭᠣᠣᠯ ᠤᠨ ᠲᠠᠲᠠᠮ ᠤᠨ ᠤᠰᠤ ᠵᠣᠬᠢᠴᠠᠭᠤᠯᠬᠤ ᠡᠭᠦᠷᠭᠡ ᠢᠢ ᠨᠡᠮᠡᠭᠳᠡᠭᠦᠯᠬᠦ ᠵᠣᠷᠢᠯᠭ᠎ᠠ ᠪᠠᠷ 30 ᠰᠠᠶ᠎ᠠ ᠮᠣᠳᠣ᠂

ᠬᠠᠮᠠᠭᠠᠯᠠᠯᠲᠠ ᠢᠢᠨ ᠣᠢ ᠢᠢᠨ ᠵᠤᠷᠪᠤᠰ ᠪᠠᠢᠢᠭᠤᠯᠬᠤ ᠳᠤ 20 ᠰᠠᠶ᠎ᠠ ᠮᠣᠳᠣ᠂

ᠣᠷᠬᠣᠨ᠂ ᠪᠤᠯᠠᠭᠠᠨ ᠠᠢᠢᠮᠠᠭ ᠣᠷᠴᠢᠮ ᠳᠤ ᠪᠠᠨ 20 ᠰᠠᠶ᠎ᠠ ᠮᠣᠳᠣ ᠲᠠᠷᠢᠵᠤ᠂ ᠤᠷᠭᠤᠭᠤᠯᠬᠤ ᠤᠷᠲᠤ ᠬᠤᠭᠤᠴᠠᠭᠠᠨ ᠤ ᠲᠥᠯᠥᠪᠯᠡᠯᠲᠡ ᠬᠢᠭᠡᠳ ᠪᠠᠢᠢᠨ᠎ᠠ᠃