ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠡᠷᠳᠡᠨᠢᠲᠦ ᠦᠢᠯᠡᠳᠪᠦᠷᠢ》 ᠲᠥᠷᠦ ᠢᠢᠨ ᠥᠮᠴᠢᠲᠤ ᠦᠢᠯᠡᠳᠪᠦᠷᠢ ᠢᠢᠨ ᠭᠠᠵᠠᠷ ᠲᠤ ᠠᠵᠢᠯᠯᠠᠬᠤ ᠦᠶ᠎ᠡ ᠪᠡᠷ ᠢᠶᠡᠨ ᠰᠡᠯᠡᠩ᠋ᠭᠡ-ᠡᠷᠳᠡᠨᠢᠲᠦ ᠤᠰᠤ ᠳᠠᠮᠵᠢᠭᠤᠯᠬᠤ ᠪᠠᠢᠢᠭᠤᠯᠤᠮᠵᠢ ᠢᠢᠨ III ᠰᠢᠨ᠎ᠡ ᠱᠤᠭᠤᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠲᠠᠢ ᠲᠠᠨᠢᠯᠴᠠᠯ᠎ᠠ᠃
《ᠡᠷᠳᠡᠨᠢᠲᠦ ᠦᠢᠯᠡᠳᠪᠦᠷᠢ》 ᠲᠥᠷᠥ ᠢᠢᠨ ᠥᠮᠴᠢᠲᠤ ᠦᠢᠯᠡᠳᠪᠦᠷᠢ ᠢᠢᠨ ᠭᠠᠵᠠᠷ ᠢ 2031 ᠣᠨ ᠬᠦᠷᠲᠡᠯ᠎ᠡ ᠬᠤᠭᠤᠴᠠᠭᠠᠨ ᠳᠤ ᠬᠥᠭ᠍ᠵᠢᠭᠦᠯᠬᠦ ᠦᠨᠳᠦᠰᠦᠨ ᠴᠢᠭᠯᠡᠯ ᠦᠨ ᠬᠦᠷᠢᠶᠡᠨ ᠳᠥ ᠳᠡᠳ᠋ ᠪᠦᠲᠦᠴᠡ ᠢᠢᠨ ᠲᠣᠮᠣᠬᠠᠨ ᠲᠥᠰᠥᠯ ᠦᠳ ᠢ ᠬᠡᠷᠡᠭᠵᠢᠭᠦᠯᠵᠦ ᠪᠠᠢᠢᠭ᠎ᠠ ᠢᠢᠨ ᠨᠢᠭᠡ ᠨᠢ ᠡᠷᠳᠡᠨᠢᠲᠦ ᠬᠣᠲᠠ ᠪᠣᠯᠤᠨ ᠲᠤᠰ ᠦᠢᠯᠡᠳᠪᠦᠷᠢ ᠢᠢᠨ ᠤᠰᠤᠨ ᠬᠠᠩ᠋ᠭᠠᠮᠵᠢ ᠢᠢᠨ ᠪᠠᠷᠢᠯᠭ᠎ᠠ᠂ ᠪᠠᠢᠢᠭᠤᠯᠤᠮᠵᠢ ᠢᠢ ᠦᠷᠭᠡᠳᠭᠡᠬᠦ III ᠰᠢᠨ᠎ᠡ ᠱᠤᠭᠤᠮ ᠤᠨ ᠪᠦᠲᠦᠭᠡᠨ ᠪᠠᠢᠢᠭᠤᠯᠤᠯᠲᠠ ᠶᠤᠮ᠃
ᠰᠡᠯᠡᠩ᠋ᠭᠡ-ᠡᠷᠳᠡᠨᠢᠲᠦ ᠤᠰᠤ ᠳᠠᠮᠵᠢᠭᠤᠯᠬᠤ ᠪᠠᠷᠢᠯᠭ᠎ᠠ᠂ ᠪᠠᠢᠢᠭᠤᠯᠤᠮᠵᠢ ᠢᠢᠨ ᠬᠣᠣᠰ ᠱᠤᠭᠤᠮ ᠤᠨ ᠨᠢᠭᠡ ᠨᠢ 1976 ᠣᠨ ᠳᠤ᠂ ᠨᠥᠭᠥᠭᠡ ᠨᠢ 1988 ᠣᠨ ᠳᠤ ᠠᠰᠢᠭᠯᠠᠯᠲᠠ ᠳᠤ ᠣᠷᠣᠭᠰᠠᠨ᠃ ᠣᠯᠠᠨ ᠠᠷᠪᠠᠨ ᠵᠢᠯ ᠦᠨ ᠡᠳ᠋ᠯᠡᠭᠡᠨ ᠦ ᠶᠠᠪᠤᠴᠠ ᠳᠤ ᠨᠢᠮᠭᠡᠷᠡᠴᠢ ᠠᠵᠢᠯ ᠤᠨ ᠳᠠᠷᠤᠯᠲᠠ ᠳᠠᠭ᠋ᠬᠤ ᠦᠭᠡᠢ ᠡᠷᠦᠰᠳᠡᠯ ᠡᠭᠦᠰᠬᠦ ᠬᠡᠮᠵᠢᠶᠡᠨ ᠳᠥ ᠬᠦᠷᠦᠭᠰᠡᠨ ᠲᠤᠯᠠ ᠤᠰᠤ ᠳᠠᠮᠵᠢᠭᠤᠯᠬᠤ III ᠰᠢᠨ᠎ᠡ ᠱᠤᠭᠤᠮ ᠢ ᠪᠠᠷᠢᠵᠤ ᠪᠠᠢᠢᠭᠤᠯᠵᠠᠢ᠃
《ᠡᠷᠳᠡᠨᠢᠲᠦ ᠦᠢᠯᠡᠳᠪᠦᠷᠢ》 2021 ᠣᠨ ᠳᠤ 1᠂186.4 ᠲᠡᠷᠪᠤᠮ ᠲᠥᠭᠥᠷᠢᠭ᠌ ᠢ ᠤᠯᠤᠰ ᠤᠨ ᠲᠥᠰᠥᠪ ᠲᠥ ᠲᠥᠪᠯᠡᠷᠡᠭᠦᠯᠦᠭᠰᠡᠨ ᠨᠢ ᠦᠢᠯᠡᠳᠪᠦᠷᠢ ᠢᠢᠨ ᠲᠡᠦᠬᠡᠨ ᠳ᠋ᠡᠬᠢ ᠬᠠᠮᠤᠭ ᠤᠨ ᠥᠨᠳᠥᠷ ᠦᠷ᠎ᠡ ᠳ᠋ᠦᠩ ᠶᠤᠮ᠃
ᠮᠥᠨ 《ᠺᠣᠸᠢᠳ᠋-19》 ᠴᠠᠷ ᠲᠠᠬᠤᠯ ᠤᠨ ᠦᠶ᠎ᠡ ᠳᠥ 《ᠡᠷᠳᠡᠨᠢᠲᠦ ᠦᠢᠯᠡᠳᠪᠦᠷᠢ》 ᠲᠥᠷᠥ ᠢᠢᠨ ᠥᠮᠴᠢᠲᠤ ᠦᠢᠯᠡᠳᠪᠦᠷᠢ ᠢᠢᠨ ᠭᠠᠵᠠᠷ ᠠᠢᠢᠯ ᠡᠷᠦᠬᠡ᠂ ᠠᠵᠤ ᠠᠬᠤᠢ ᠢᠢᠨ ᠨᠢᠭᠡᠴᠡ ᠨᠦᠭᠦᠳ ᠦᠨ ᠡᠳ᠋ ᠍ ᠦᠨ ᠵᠠᠰᠠᠭ ᠤᠨ ᠬᠦᠨᠳᠦᠷᠡᠯ ᠢ ᠳᠠᠪᠠᠨ ᠲᠤᠭᠤᠯᠬᠤ ᠳᠤ 1.1 ᠶᠡᠬᠡ ᠨᠠᠶᠤᠳ ᠲᠥᠭᠥᠷᠢᠭ᠌ ᠦᠨ ᠰᠠᠩᠬᠦᠵᠢᠯᠲᠡ ᠬᠢᠭ᠍ᠰᠡᠨ ᠶᠤᠮ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠠᠢᠢᠭᠠᠯᠢ ᠤᠨ ᠪᠠᠶᠠᠯᠢᠭ ᠲᠤ ᠪᠠᠨ ᠵᠢᠩᠬᠢᠨᠢ ᠶᠣᠰᠣᠭᠠᠷ ᠡᠵᠡᠨ ᠪᠠᠢᠢᠬᠤ ᠵᠠᠷᠴᠢᠮ ᠢ ᠴᠠᠷ ᠲᠠᠬᠤᠯ ᠤᠨ ᠬᠦᠨᠳᠦ ᠬᠡᠴᠡᠭᠦᠦ ᠴᠠᠭ ᠲᠤ ᠪᠣᠳᠠᠲᠤ ᠠᠵᠢᠯ ᠪᠣᠯᠭᠠᠨ ᠬᠠᠷᠠᠭᠤᠯᠵᠤ᠂ ᠠᠢᠢᠯ ᠡᠷᠦᠬᠡ᠂ ᠠᠵᠤ ᠠᠬᠤᠢ ᠢᠢᠨ ᠨᠢᠭᠡᠴᠡ ᠨᠦᠭᠦᠳ ᠢᠶᠡᠨ ᠪᠣᠳᠠᠲᠤ ᠪᠠᠷ ᠳᠡᠮᠵᠢᠵᠦ ᠪᠤᠢ 《ᠡᠷᠳᠡᠨᠢᠲᠦ ᠦᠢᠯᠡᠳᠪᠦᠷᠢ》 ᠲᠥᠷᠥ ᠢᠢᠨ ᠥᠮᠴᠢᠲᠤ ᠦᠢᠯᠡᠳᠪᠦᠷᠢ ᠢᠢᠨ ᠭᠠᠵᠠᠷ ᠤᠨ ᠠᠭᠤᠷᠬᠠᠢᠢᠴᠢᠳ᠂ ᠬᠠᠮᠲᠤ ᠣᠯᠠᠨ ᠳᠤ ᠮᠣᠩ᠋ᠭᠣᠯ ᠤᠨ ᠨᠡᠢᠢᠲᠡ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠵᠦ᠂ ᠠᠮᠵᠢᠯᠲᠠ ᠬᠦᠰᠡᠯ᠎ᠡ᠃