《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠠᠷᠬᠠᠨ-ᠠᠭᠤᠯᠠ ᠠᠢᠢᠮᠠᠭ ᠤᠨ ᠬᠣᠩ᠋ᠭᠣᠷ ᠰᠤᠮᠤ ᠢᠢᠨ ᠨᠤᠲᠤᠭ ᠲᠤ ᠦᠢᠯᠡ ᠠᠵᠢᠯᠯᠠᠭ᠎ᠠ ᠶᠠᠪᠤᠭᠤᠯᠳᠠᠭ 《ᠳᠣᠮᠣᠭᠲᠤ ᠰᠢᠷ᠎ᠠ ᠢᠢᠨ ᠭᠣᠣᠯ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠦᠨ 《ᠣᠢ ᠢᠢᠨ ᠭᠠᠢᠢᠬᠠᠮᠰᠢᠭ》 ᠮᠣᠳᠣ ᠦᠷᠡᠵᠢᠭᠦᠯᠭᠡ ᠢᠢᠨ ᠭᠠᠵᠠᠷ ᠲᠤ ᠠᠵᠢᠯᠯᠠᠯ᠎ᠠ᠃
ᠲᠤᠰ ᠺᠣᠮᠫᠠᠨᠢ ᠨᠢ 1996 ᠣᠨ ᠳᠤ ᠣᠢᠢᠵᠢᠭᠤᠯᠤᠯᠲᠠ᠂ ᠨᠥᠬᠦᠨ ᠰᠡᠷᠭᠦᠭᠡᠯᠲᠡ᠂ ᠮᠣᠳᠣ ᠦᠷᠡᠵᠢᠭᠦᠯᠭᠡ ᠢᠢᠨ ᠴᠢᠭᠯᠡᠯ ᠢᠶᠡᠷ ᠡᠭᠦᠰᠬᠡᠨ ᠪᠠᠢᠢᠭᠤᠯᠤᠭᠳᠠᠭᠰᠠᠨ ᠪᠥᠭᠡᠳ 3᠂691 ᠭᠠ᠂ ᠣᠢ ᠢᠢᠨ ᠰᠠᠩ ᠢ ᠭᠡᠷ᠎ᠡ ᠪᠡᠷ ᠡᠵᠡᠮᠰᠢᠳᠡᠭ᠃
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠴᠧᠾ ᠤᠯᠤᠰ ᠤᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ 《ᠮᠣᠩ᠋ᠭᠣᠯ ᠣᠷᠣᠨ ᠤ ᠣᠢ ᠪᠣᠯᠤᠨ ᠣᠷᠣᠨ ᠨᠤᠲᠤᠭ ᠤᠨ ᠣᠢ ᠢᠢᠨ ᠭᠧᠨᠢ ᠢᠢᠨ ᠰᠠᠩ ᠤᠨ ᠬᠥᠭ᠍ᠵᠢᠯ》 ᠲᠥᠰᠥᠯ ᠢ ᠠᠮᠵᠢᠯᠲᠠᠲᠠᠢ ᠬᠡᠷᠡᠭᠵᠢᠭᠦᠯᠵᠦ᠂ 《ᠣᠢ ᠢᠢᠨ ᠭᠠᠢᠢᠬᠠᠮᠰᠢᠭ》 ᠮᠣᠳᠣ ᠦᠷᠡᠵᠢᠭᠦᠯᠭᠡ ᠢᠢᠨ ᠭᠠᠵᠠᠷ ᠢ ᠪᠠᠢᠢᠭᠤᠯᠤᠭᠰᠠᠨ ᠶᠤᠮ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠥᠨ ᠡᠳᠦᠷ ᠲᠥᠪ ᠠᠢᠢᠮᠠᠭ ᠤᠨ ᠪᠠᠲᠤᠰᠦᠮᠪᠦᠷ ᠰᠤᠮᠤ ᠢᠢᠨ ᠨᠤᠲᠤᠭ ᠲᠤ ᠪᠠᠢᠢᠷᠢᠯᠠᠬᠤ ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠣᠢ ᠢᠢᠨ ᠰᠤᠷᠭᠠᠯᠲᠠ᠂ ᠰᠤᠳᠤᠯᠭᠠᠨ ᠤ ᠲᠥᠪ ᠲᠥ ᠠᠵᠢᠯᠯᠠᠯ᠎ᠠ᠃
ᠲᠤᠰ ᠲᠥᠪ ᠨᠢ ᠪᠠᠲᠤᠰᠦᠮᠪᠦᠷ ᠰᠤᠮᠤ ᠢᠢᠨ ᠦᠳᠡᠯᠭᠡ᠂ ᠥᠷᠲᠡᠭᠡᠨ ᠮᠤᠬᠤᠷ ᠣᠷᠴᠢᠮ ᠳᠤ 2᠂000 ᠭᠠ᠂ ᠲᠠᠯᠠᠪᠠᠢ ᠢᠢᠨ ᠣᠢ ᠢᠢᠨ ᠰᠠᠩ ᠢ ᠭᠡᠷ᠎ᠡ ᠪᠡᠷ ᠡᠵᠡᠮᠰᠢᠳᠡᠭ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠨᠡ ᠦᠶ᠎ᠡ ᠪᠡᠷ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠠᠮᠵᠢᠯᠲᠠ ᠲᠠᠢ ᠬᠡᠷᠡᠭᠵᠢᠭᠦᠯᠬᠦ ᠳᠥ ᠰᠤᠷᠭᠠᠯᠲᠠ᠂ ᠰᠤᠳᠤᠯᠭᠠᠨ ᠤ ᠴᠢᠭᠯᠡᠯ ᠦᠨ ᠪᠠᠢᠢᠭᠤᠯᠤᠯᠭ᠎ᠠ ᠨᠤᠭᠤᠳ᠂ ᠮᠡᠷᠭᠡᠵᠢᠯ ᠦᠨ ᠪᠠᠭᠰᠢ᠂ ᠡᠷᠳᠡᠮᠲᠡᠳ ᠦᠨ ᠣᠯᠠᠨ ᠵᠢᠯ ᠬᠤᠷᠠᠮᠲᠤᠯᠠᠭᠤᠯᠤᠭᠰᠠᠨ ᠲᠤᠷᠰᠢᠯᠭ᠎ᠠ᠂ ᠮᠡᠷᠭᠡᠵᠢᠯ ᠦᠨ ᠮᠠᠩᠯᠠᠢᠢᠯᠠᠯ᠂ ᠡᠭᠦᠷᠭᠡ ᠣᠷᠣᠯᠴᠠᠭ᠎ᠠ ᠥᠨᠳᠥᠷ ᠭᠡᠳᠡᠭ ᠢ ᠬᠡᠯᠡᠯ᠎ᠡ᠃
ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠣᠢ ᠰᠤᠳᠤᠯᠤᠯ ᠤᠨ ᠬᠥᠲᠥᠯᠪᠦᠷᠢ ᠢᠢᠨ ᠪᠠᠭᠰᠢ᠂ ᠡᠷᠳᠡᠮᠲᠡᠳ ᠣᠢ ᠢᠢᠨ ᠮᠡᠷᠭᠡᠵᠢᠯᠲᠡᠨ ᠪᠡᠯᠡᠳᠬᠡᠬᠦ ᠢᠢᠨ ᠵᠡᠷᠭᠡᠴᠡᠭᠡ ᠳᠡᠯᠡᠬᠡᠢ ᠳᠥ ᠳᠡᠭᠡᠭᠦᠷ ᠲᠥ ᠡᠷᠢᠮᠪᠡᠯᠡᠭᠳᠡᠳᠡᠭ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠯᠤᠮᠪᠠ ᠢᠢᠨ ᠶᠡᠬᠡ ᠰᠤᠷᠭᠠᠭᠤᠯᠢ᠂ ᠾᠠᠷᠸᠠᠷᠳ᠋ ᠤᠨ ᠶᠡᠬᠡ ᠰᠤᠷᠭᠠᠭᠤᠯᠢ᠂ ХБНГУ ᠍ ᠤᠨ ᠭᠧᠲ᠋ᠲ᠋᠋ᠡ᠋᠋᠋ᠩ᠋ᠧᠨᠢ ᠢᠢᠨ ᠶᠡᠬᠡ ᠰᠤᠷᠭᠠᠭᠤᠯᠢ᠂ БНСУ ᠍ ᠤᠨ ᠰᠥᠥᠯ ᠦᠨ ᠶᠡᠬᠡ ᠰᠤᠷᠭᠠᠭᠤᠯᠢ᠂ ᠶᠠᠫᠣᠨ ᠤᠯᠤᠰ ᠤᠨ
ᠾᠣᠺᠺᠠᠢᠢᠳᠣ ᠤᠨ ᠶᠡᠬᠡ ᠰᠤᠷᠭᠠᠭᠤᠯᠢ ᠵᠡᠷᠭᠡ 30 ᠭᠠᠷᠤᠢ ᠰᠤᠷᠭᠠᠭᠤᠯᠢ ᠲᠠᠢ ᠬᠠᠮᠲᠤᠷᠠᠭᠰᠠᠨ ᠰᠤᠳᠤᠯᠭ᠎ᠠ ᠢᠢ ᠮᠣᠩ᠋ᠭᠣᠯ ᠣᠷᠣᠨ ᠤ ᠨᠤᠲᠤᠭ ᠲᠤ ᠬᠢᠵᠦ ᠪᠠᠢᠢᠨ᠎ᠠ᠃