Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸᠯᠠᠳᠢᠮᠢᠷ ᠫᠦᠲ᠋ᠢᠨ ᠳᠤ ᠪᠠᠶᠠᠷ ᠬᠦᠷᠭᠡᠭ᠍ᠰᠡᠨ ᠵᠠᠬᠢᠳᠠᠯ ᠢᠯᠡᠭᠡᠯ᠎ᠡ

 

ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠳᠤ ᠶᠡᠷᠦᠩᠬᠡᠢᠢᠯᠡᠭᠴᠢ ᠢᠢᠨ ᠲᠠᠩᠭ᠋ᠠᠷᠢᠭ ᠢᠶᠠᠨ ᠡᠷᠭᠦᠵᠦ᠂ ᠡᠭᠦᠷᠭᠡᠳᠦ ᠠᠵᠢᠯ ᠳᠤ ᠪᠠᠨ ᠣᠷᠣᠵᠤ ᠪᠤᠢ ᠲᠠᠢ ᠨᠢ ᠬᠣᠯᠪᠣᠭᠳᠠᠭᠤᠯᠤᠨ ᠪᠠᠶᠠᠷ ᠬᠦᠷᠭᠡᠵᠦ ᠵᠠᠬᠢᠳᠠᠯ ᠢᠯᠡᠭᠡᠯ᠎ᠡ᠃

ᠵᠠᠬᠢᠳᠠᠯ ᠳᠤ᠄

《ᠡᠷᠬᠢᠮ ᠬᠦᠨᠳᠦᠳᠦ ᠸᠯᠠᠳᠢᠮᠢᠷ ᠸᠯᠠᠳᠢᠮᠢᠷᠣᠸᠢᠴ᠂

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠲᠠᠩᠭ᠋ᠠᠷᠢᠭ ᠡᠷᠭᠦᠵᠦ᠂ ᠡᠭᠦᠷᠭᠡᠳᠦ ᠠᠵᠢᠯ ᠳᠤ ᠪᠠᠨ ᠣᠷᠣᠵᠤ ᠪᠤᠢ ᠲᠠᠢ ᠬᠣᠯᠪᠣᠭᠳᠠᠭᠤᠯᠤᠨ ᠲᠠᠨ ᠳᠤ ᠴᠢᠩ ᠰᠡᠳᠬᠢᠯ ᠦᠨ ᠪᠠᠶᠠᠷ ᠬᠦᠷᠭᠡᠶ᠎ᠡ᠃

ᠲᠠ ᠶᠡᠷᠦᠩᠬᠡᠢᠢᠯᠡᠭᠴᠢ ᠪᠡᠷ ᠠᠵᠢᠯᠯᠠᠬᠤ ᠬᠤᠭᠤᠴᠠᠭᠠᠨ ᠳᠤ ᠣᠷᠣᠰ ᠤᠨ ᠠᠷᠠᠳ ᠲᠦᠮᠡᠨ ᠡᠴᠡ ᠲᠠᠨ ᠳᠤ ᠦᠵᠡᠭᠦᠯᠦᠭᠰᠡᠨ ᠥᠨᠳᠥᠷ ᠢᠲᠡᠭᠡᠯ ᠢ ᠳᠠᠭᠠᠭᠠᠵᠤ᠂ ᠡᠬᠡ ᠣᠷᠣᠨ ᠤ ᠪᠠᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠢ ᠰᠢᠨ᠎ᠡ ᠱᠠᠲᠤᠨ ᠳᠤ ᠭᠠᠷᠭᠠᠬᠤ ᠢᠢᠨ ᠵᠡᠷᠭᠡᠴᠡᠭᠡ ᠮᠣᠩᠭ᠋ᠣᠯ ᠂ ᠣᠷᠣᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ᠂ ᠬᠠᠮᠲᠤ ᠢᠢᠨ ᠠᠵᠢᠯᠠᠭᠠᠨ ᠳᠤ ᠰᠢᠨ᠎ᠡ ᠬᠠᠭᠤᠳᠠᠰᠤ ᠨᠡᠭᠡᠭᠡᠨ᠎ᠡ ᠭᠡᠳᠡᠭ ᠲᠥ ᠢᠲᠡᠭᠡᠯᠲᠡᠢ ᠪᠠᠢᠢᠨ᠎ᠠ᠃

ᠠᠤᠭ᠎ᠠ ᠡᠬᠡ ᠣᠷᠣᠨ ᠤ ᠳᠠᠢᠢᠨ ᠤ ᠬᠦᠨᠳᠦ ᠣᠨ ᠵᠢᠯ ᠦᠳ ᠢ ᠮᠠᠨ ᠤ ᠬᠣᠶᠠᠷ ᠠᠷᠠᠳ ᠲᠦᠮᠡᠨ ᠬᠠᠮᠲᠤᠷᠠᠨ ᠲᠤᠭᠤᠯᠵᠤ ᠢᠷᠡᠭᠰᠡᠨ ᠲᠡᠦᠬᠡ ᠲᠡᠢ ᠪᠢᠯᠡ᠃ ᠤᠳᠠᠬᠤ ᠦᠭᠡᠢ ᠪᠣᠯᠬᠤ ᠶᠡᠬᠡ ᠢᠯᠠᠯᠲᠠ ᠢᠢᠨ 73 ᠵᠢᠯ ᠦᠨ ᠣᠢ ᠢᠢ ᠲᠣᠬᠢᠶᠠᠯᠳᠤᠭᠤᠯᠤᠨ ᠲᠠᠨ ᠳᠤ ᠪᠣᠯᠤᠨ ᠣᠷᠣᠰ ᠤᠨ ᠠᠷᠠᠳ ᠲᠦᠮᠡᠨ ᠳᠥ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃

ᠡᠨᠡᠬᠦ ᠵᠠᠪᠰᠢᠶᠠᠨ ᠢ ᠠᠰᠢᠭᠯᠠᠨ᠂ ᠡᠷᠬᠢᠮ ᠬᠦᠨᠳᠦᠳᠦ ᠸᠯᠠᠳᠢᠮᠢᠷ ᠸᠯᠠᠳᠢᠮᠢᠷᠣᠸᠢᠴ ᠲᠠᠨ ᠳᠤ ᠡᠷᠡᠭᠦᠯ ᠡᠩᠬᠡ᠂ ᠠᠵᠢᠯ ᠤᠨ ᠥᠨᠳᠥᠷ ᠠᠮᠵᠢᠯᠲᠠ᠂ ᠣᠷᠣᠰ ᠤᠨ ᠨᠠᠢᠢᠷᠰᠠᠭ ᠠᠷᠠᠳ ᠲᠦᠮᠡᠨ ᠳᠥ ᠬᠥᠭ᠍ᠵᠢᠯ ᠴᠡᠴᠡᠭᠯᠡᠯ ᠢ ᠬᠦᠰᠡᠶ᠎ᠡ᠃

ᠭᠦᠨ᠎ᠡ ᠬᠦᠨᠳᠦᠳᠬᠡᠭᠰᠡᠨ᠂

ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ》 ᠭᠡᠵᠡᠢ᠃