Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠥᠪᠯᠡᠬᠥ ᠨᠦᠭᠦᠳ ᠮᠣᠩ᠋ᠭᠣᠯ ᠳᠠᠬᠢ ᠠᠮᠧᠷᠢᠺᠠ ᠢᠢᠨ ᠬᠤᠳᠠᠯᠳᠤᠭᠠᠨ ᠤ ᠲᠠᠩᠬᠢᠮ ᠤᠨ ᠤᠳᠤᠷᠢᠳᠬᠤ ᠵᠥᠪᠯᠡᠯ ᠦᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠭᠠᠳᠠᠭᠠᠳᠤ ᠪᠣᠳᠣᠯᠭ᠎ᠠ ᠢᠢᠨ ᠵᠥᠪᠯᠡᠬᠦ ᠡ᠊ ∙ ᠣᠳ᠋ᠳᠪᠠᠶᠠᠷ᠂ ᠡᠳ᠋ ᠍ ᠦᠨ ᠵᠠᠰᠠᠭ ᠤᠨ ᠪᠣᠳᠣᠯᠭ᠎ᠠ ᠢᠢᠨ ᠵᠥᠪᠯᠡᠬᠦ ᠪᠠ‍ ∙ ᠳᠠᠸᠠᠳᠠᠯᠠᠢ ᠨᠠᠷ ᠮᠣᠩ᠋ᠭᠣᠯ ᠳᠠᠬᠢ ᠠᠮᠧᠷᠢᠺᠠ ᠢᠢᠨ ᠬᠤᠳᠠᠯᠳᠤᠭᠠᠨ ᠤ ᠲᠠᠩᠬᠢᠮ /ᠠᠮᠠᠴᠢᠮ ᠮᠣᠩ᠋ᠭᠣᠯ/ ᠍ ᠤᠨ ᠤᠳᠤᠷᠢᠳᠬᠤ ᠵᠥᠪᠯᠡᠯ ᠦᠨ ᠳᠠᠷᠤᠭ᠎ᠠ ᠵᠡᠢᠢᠮᠰ ᠯᠢᠶᠤᠲ᠋ᠲ᠋ᠠ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠪᠠᠷ ᠮᠣᠩ᠋ᠭᠣᠯ ᠤᠯᠤᠰ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ᠂ ᠬᠥᠷᠥᠩ᠋ᠭᠡ ᠣᠷᠣᠭᠤᠯᠤᠯᠲᠠ ᠢᠢᠨ ᠪᠣᠯᠤᠨ ᠪᠢᠽᠢᠨ᠋ᠧᠰ ᠦᠨ ᠣᠷᠴᠢᠨ ᠤ ᠰᠢᠨᠡᠴᠢᠯᠡᠯ ᠦᠨ ᠲᠠᠯ᠎ᠠ ᠪᠠᠷ ᠳᠡᠯᠭᠡᠷᠡᠩ᠋ᠭᠦᠢ ᠰᠠᠨᠠᠯ ᠰᠣᠯᠢᠯᠴᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠡᠯᠡᠬᠡᠢ ᠢᠢᠨ ᠤᠯᠤᠰ ᠣᠷᠣᠨ ᠨᠤᠭᠤᠳ ᠲᠠᠢ᠂ ᠢᠯᠠᠩ᠋ᠭᠤᠶ᠎ᠠ ᠭᠤᠷᠪᠠᠳᠠᠭᠴᠢ ᠬᠥᠷᠰᠢ ᠨᠦᠭᠦᠳ ᠲᠡᠢ ᠪᠡᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠡᠳ᠋ ᠍ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠤᠨ ᠬᠥᠭ᠍ᠵᠢᠭᠦᠯᠬᠦ᠂ ᠬᠠᠷᠢᠯᠴᠠᠨ ᠠᠰᠢᠭᠲᠠᠢ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢᠨ ᠪᠣᠳᠣᠯᠭ᠎ᠠ ᠢᠢ ᠪᠣᠯᠤᠮᠵᠢᠲᠤ ᠪᠦᠬᠦ ᠲᠠᠯ᠎ᠠ ᠪᠠᠷ ᠳᠡᠮᠵᠢᠨ ᠠᠵᠢᠯᠯᠠᠵᠤ ᠪᠠᠢᠢᠭ᠎ᠠ ᠢᠢ ᠶᠡᠷᠦᠩᠬᠡᠢᠢᠯᠡᠭᠴᠢ ᠢᠢᠨ ᠵᠥᠪᠯᠡᠬᠥ ᠨᠦᠭᠦᠳ ᠣᠨᠴᠠᠯᠠᠯ᠎ᠠ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠪᠰᠢᠭᠦᠯᠦᠭᠰᠡᠨ 《100 ᠵᠢᠯ – 10 ᠵᠣᠷᠢᠯᠲᠠ》 ᠬᠥᠭ᠍ᠵᠢᠯ ᠦᠨ ᠰᠠᠨᠠᠭᠠᠴᠢᠯᠠᠭ᠎ᠠ ᠢᠢᠨ ᠬᠦᠷᠢᠶᠡᠨ ᠳᠥ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ᠂ ᠨᠣᠭᠣᠭᠠᠨ ᠬᠥᠭ᠍ᠵᠢᠯ ᠢ ᠡᠷᠴᠢᠮᠵᠢᠭᠦᠯᠬᠦ᠂ ᠮᠣᠩ᠋ᠭᠣᠯ ᠬᠦᠮᠦᠨ ᠦ ᠡᠷᠡᠭᠦᠯ ᠮᠡᠨᠳᠦ᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠵᠡᠷᠭᠡ ᠠᠰᠠᠭᠤᠳᠠᠯ ᠢᠶᠠᠷ ᠲᠣᠳᠣᠷᠬᠠᠢ ᠪᠣᠳᠣᠯᠭ᠎ᠠ ᠰᠢᠢᠳᠪᠦᠷᠢ ᠭᠠᠷᠭᠠᠨ᠂ ᠦᠨᠳᠦᠰᠦᠨ ᠦ ᠬᠡᠮᠵᠢᠶᠡᠨ ᠦ ᠬᠥᠳᠡᠯᠭᠡᠭᠡᠨ ᠨᠦᠭᠦᠳ ᠢ ᠥᠷᠨᠢᠭᠦᠯᠵᠦ᠂ ᠤᠭ ᠠᠰᠠᠭᠤᠳᠠᠯ ᠤᠳ ᠲᠤ ᠣᠨᠤᠴᠤᠭᠠᠢᠢᠯᠠᠨ ᠠᠩᠬᠠᠷᠴᠤ᠂ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠲᠠᠢ ᠬᠠᠮᠲᠤᠷᠠᠨ ᠠᠵᠢᠯᠯᠠᠵᠤ ᠪᠠᠢᠢᠭ᠎ᠠ ᠲᠠᠯ᠎ᠠ ᠪᠠᠷ ᠮᠡᠳᠡᠭᠡᠯᠡᠯ ᠥᠭ᠍ᠪᠡ᠃

ᠮᠣᠩ᠋ᠭᠣᠯ ᠳᠠᠬᠢ ᠠᠮᠧᠷᠢᠺᠠ ᠢᠢᠨ ᠬᠤᠳᠠᠯᠳᠤᠭᠠᠨ ᠤ ᠲᠠᠩᠬᠢᠮ ᠤᠨ ᠵᠦᠭ ᠡᠴᠡ ᠮᠣᠩ᠋ᠭᠣᠯ ᠤᠯᠤᠰ ᠤᠨ ᠪᠢᠽᠢᠨ᠋ᠧᠰ ᠦᠨ ᠣᠷᠴᠢᠨ ᠢ ᠰᠠᠢᠢᠵᠢᠷᠠᠭᠤᠯᠬᠤ᠂ ᠲᠦᠩᠰᠢ ᠣᠷᠣᠨ ᠨᠤᠭᠤᠳ ᠲᠠᠢ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ ᠵᠡᠷᠭᠡ ᠴᠢᠭᠯᠡᠯ ᠳᠥ ᠰᠠᠨᠠᠯ ᠰᠣᠯᠢᠯᠴᠠᠵᠤ᠂ ᠴᠢᠨᠠᠭᠰᠢᠳᠠ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠯ᠎ᠡ᠃