ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠦᠰᠦᠬᠡ ᠳᠥ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠤᠨ ᠲᠣᠳᠣᠳᠬᠠᠨ ᠰᠢᠨᠡᠴᠢᠯᠡᠭᠰᠡᠨ ᠲᠥᠰᠥᠯ᠂ ᠦᠨᠳᠦᠰᠦᠨ ᠦ ᠠᠶᠤᠯ ᠦᠭᠡᠢ ᠪᠠᠢᠢᠳᠠᠯ ᠤᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠢᠢᠨ ᠲᠥᠰᠥᠯ ᠪᠣᠯᠤᠨ ᠳᠠᠭᠠᠯᠳᠤᠬᠤ ᠪᠠᠷᠢᠮᠲᠠ ᠪᠢᠴᠢᠭ᠌ ᠦᠳ ᠢ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠵᠠ ∙ ᠡᠩᠬᠡᠪᠠᠶᠠᠷ ᠡᠷᠭᠥᠨ ᠪᠠᠷᠢᠯ ᠠ᠃
ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠠᠵᠢᠯ ᠤᠨ ᠠᠯᠪᠠ᠂ ᠰᠲ᠋ᠷᠠᠲ᠋ᠧᠭᠢ ᠰᠤᠳᠤᠯᠤᠯ ᠤᠨ ᠬᠦᠷᠢᠶᠡᠯᠡᠩ᠂ ᠦᠨᠳᠦᠰᠦᠨ ᠦ ᠠᠶᠤᠯ ᠦᠭᠡᠢ ᠪᠠᠢᠢᠳᠠᠯ ᠤᠨ ᠴᠢᠭᠯᠡᠯ ᠢᠶᠡᠷ ᠮᠡᠷᠭᠡᠰᠢᠭᠰᠡᠨ ᠡᠷᠳᠡᠮᠲᠡᠨ᠂ ᠰᠤᠳᠤᠯᠤᠭᠠᠴᠢᠳ ᠠᠴᠠ ᠪᠦᠷᠢᠳᠦᠭᠰᠡᠨ ᠠᠵᠢᠯ ᠤᠨ ᠬᠡᠰᠡᠭ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠤᠨ ᠬᠡᠷᠡᠭᠵᠢᠯᠲᠡ ᠳᠥ ᠳ᠋ᠦᠩ ᠰᠢᠨᠵᠢᠯᠡᠭᠡ ᠬᠢᠵᠦ᠂ ᠦᠨᠡᠯᠡᠭᠡᠨ ᠦ ᠲᠠᠢᠢᠯᠤᠨ ᠭᠠᠷᠭᠠᠵᠠᠢ᠃
ᠡᠨᠡᠬᠦ ᠲᠠᠢᠢᠯᠤᠠ ᠳᠤ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠤᠨ 60 ᠭᠠᠷᠤᠢ ᠬᠤᠪᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ᠂ ᠰᠢᠨᠡᠴᠢᠯᠡᠨ ᠨᠠᠢᠢᠷᠠᠭᠤᠯᠬᠤ ᠱᠠᠭᠠᠷᠳᠠᠯᠭ᠎ᠠ ᠲᠠᠢ ᠭᠡᠵᠦ ᠳ᠋ᠦᠩᠨᠡᠵᠡᠢ᠃ ᠡᠢᠢᠮᠦ ᠳᠥ 5 ᠪᠦᠯᠦᠭ᠂ 27 ᠵᠦᠢᠯ᠂ 71 ᠳᠡᠳ᠋ ᠵᠦᠢᠯ ᠲᠡᠢ ᠪᠡᠷ ᠲᠣᠳᠣᠳᠬᠠᠨ ᠰᠢᠨᠡᠴᠢᠯᠡᠭᠰᠡᠨ ᠲᠤᠬᠠᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠲᠠᠨᠢᠯᠴᠠᠭᠤᠯᠤᠯ᠎ᠠ᠃
ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠢ ᠲᠣᠳᠣᠳᠬᠠᠨ ᠰᠢᠨᠡᠴᠢᠯᠡᠵᠦ ᠪᠠᠢᠢᠭ᠎ᠠ ᠲᠠᠢ ᠬᠣᠯᠪᠣᠭᠳᠠᠭᠤᠯᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠢᠢᠨ ᠲᠥᠰᠥᠯ ᠢ ᠪᠣᠯᠪᠠᠰᠤᠷᠠᠭᠤᠯᠤᠭᠰᠠᠨ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠷᠳᠡᠮᠲᠡᠨ᠂ ᠰᠤᠳᠤᠯᠤᠭᠠᠴᠢᠳ ᠤᠨ ᠲᠠᠨᠢᠯᠴᠠᠭᠤᠯᠭ᠎ᠠ ᠢᠢ ᠰᠣᠨᠣᠰᠤᠭᠰᠠᠨ ᠤ ᠪᠠᠨ ᠳᠠᠷᠠᠭ᠎ᠠ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠤᠨ ᠲᠣᠳᠣᠳᠬᠠᠨ ᠰᠢᠨᠡᠴᠢᠯᠡᠭᠰᠡᠨ ᠲᠥᠰᠥᠯ᠂ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠢᠢᠨ ᠲᠥᠰᠥᠯ ᠪᠣᠯᠤᠨ ᠳᠠᠭᠠᠯᠳᠤᠬᠤ ᠪᠠᠷᠢᠮᠲᠠ ᠪᠢᠴᠢᠭ᠌ ᠦᠳ ᠢ ᠣᠢᠢᠷ᠎ᠠ ᠢᠢᠨ ᠬᠤᠭᠤᠴᠠᠭᠠᠨ ᠳᠤ ᠤᠯᠤᠰ ᠤᠨ ᠶᠡᠬᠡ ᠬᠤᠷᠠᠯ ᠳᠤ ᠡᠷᠭᠦᠨ ᠪᠠᠷᠢᠨ᠎ᠠ ᠭᠡᠳᠡᠭ ᠢ ᠣᠨᠴᠠᠯᠠᠨ ᠲᠡᠮᠳᠡᠭᠯᠡᠪᠡ᠃