Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠬᠦᠨᠡᠰᠦᠨ ᠦ ᠰᠠᠯᠪᠤᠷᠢ ᠢᠢᠨ ᠡᠷᠳᠡᠮᠲᠡᠨ᠂ ᠰᠤᠳᠤᠯᠤᠭᠠᠴᠢᠳ ᠴᠢᠭᠤᠯᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ-ᠰᠢᠨᠵᠢᠯᠡᠬᠦ ᠤᠬᠠᠭᠠᠨ᠂ ᠲᠧᠭᠨᠣᠯᠣᠭᠢ᠂ ᠢᠨᠨᠣᠸᠠᠼ》 ᠰᠡᠳᠦᠪᠲᠦ ᠦᠨᠳᠦᠰᠦᠨ ᠦ ᠵᠥᠪᠯᠡᠭᠡᠨ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠬᠦᠨᠡᠰᠦ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ ᠢᠢᠨ ᠶᠠᠮᠤᠨ ᠬᠠᠮᠲᠤᠷᠠᠨ ᠵᠣᠬᠢᠶᠠᠨ ᠪᠠᠢᠢᠭᠤᠯᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠨᠳᠦᠰᠦᠨ ᠦ ᠵᠥᠪᠯᠡᠭᠡᠨ ᠢ ᠨᠡᠭᠡᠭᠡᠵᠦ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄

《ᠡᠷᠬᠢᠮ ᠬᠦᠨᠳᠦᠲᠥ ᠡᠷᠳᠡᠮᠲᠡᠨ ᠮᠡᠷᠭᠡᠳ᠂ ᠰᠤᠳᠤᠯᠤᠭᠠᠴᠢᠳ ᠠ᠂

ᠡᠷᠬᠢᠮ ᠬᠦᠨᠳᠦᠲᠥ ᠵᠣᠴᠢᠳ᠂ ᠲᠥᠯᠥᠭᠡᠯᠡᠭᠴᠢᠳ ᠡ᠂

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠢ ᠳᠡᠮᠵᠢᠵᠦ᠂ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠪᠡᠷ ᠦᠷ᠎ᠡ ᠳ᠋ᠦᠩ ᠲᠡᠢ᠂ ᠬᠠᠷᠢᠭᠤᠴᠠᠯᠭ᠎ᠠ ᠲᠠᠢ ᠬᠡᠷᠡᠭᠵᠢᠭᠦᠯᠬᠦ ᠪᠡᠷ ᠡᠨᠳᠡ ᠬᠤᠷᠠᠨ ᠴᠢᠭᠤᠯᠵᠤ ᠪᠠᠢᠢᠭ᠎ᠠ ᠡᠷᠳᠡᠮᠲᠡᠨ ᠮᠡᠷᠭᠡᠳ᠂ ᠰᠤᠳᠤᠯᠤᠭᠠᠴᠢᠳ᠂ ᠦᠢᠯᠡᠳᠪᠦᠷᠢᠯᠡᠯ ᠡᠷᠬᠢᠯᠡᠭᠴᠢᠳ᠂ ᠲᠥᠷᠥ ᠢᠢᠨ ᠪᠣᠯᠤᠨ ᠲᠥᠷᠥ ᠢᠢᠨ ᠪᠤᠰᠤ ᠪᠠᠢᠢᠭᠤᠯᠤᠯᠭ᠎ᠠ ᠢᠢᠨ ᠲᠥᠯᠥᠭᠡᠯᠡᠯ᠂ ᠪᠠᠶᠠᠯᠢᠭ ᠪᠦᠲᠦᠭᠡᠭ᠍ᠴᠢ ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠶ᠎ᠡ᠃

ᠤᠯᠤᠰ ᠣᠷᠣᠨ ᠤ ᠪᠠᠨ ᠨᠡᠢᠢᠭᠡᠮ᠂ ᠡᠳ᠋ ᠍ ᠦᠨ ᠵᠠᠰᠠᠭ ᠤᠨ ᠠᠶᠤᠯ ᠦᠭᠡᠢ ᠪᠠᠢᠢᠳᠠᠯ ᠢ ᠬᠠᠩ᠋ᠭᠠᠬᠤ ᠵᠣᠷᠢᠯᠭ᠎ᠠ ᠪᠠᠷ 《ᠬᠠᠯᠠᠮᠵᠢ ᠠᠴᠠ ᠬᠥᠳᠡᠯᠮᠦᠷᠢ ᠳᠥ᠂ ᠣᠯᠪᠤᠷᠢᠯᠠᠯᠲᠠ ᠠᠴᠠ ᠪᠣᠯᠪᠠᠰᠤᠷᠠᠭᠤᠯᠤᠯᠲᠠ ᠳᠤ᠂ ᠢᠮᠫᠣᠷᠲ ᠠᠴᠠ ᠡᠺᠰᠫᠣᠷᠲ᠋ ᠲᠤ》 ᠰᠢᠯᠵᠢᠬᠦ ᠰᠠᠭᠤᠷᠢ ᠷᠧᠹᠤᠷᠮ ᠤᠨ ᠬᠦᠷᠢᠶᠡᠨ ᠳᠥ 《100 ᠵᠢᠯ – 10 ᠵᠣᠷᠢᠯᠲᠠ》 ᠬᠥᠭ᠍ᠵᠢᠯ ᠦᠨ ᠰᠠᠨᠠᠭᠠᠴᠢᠯᠠᠭ᠎ᠠ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠲᠥᠷᠥ ᠢᠢᠨ ᠲᠡᠷᠢᠭᠦᠨ ᠳᠡᠪᠰᠢᠭᠦᠯᠦᠭᠰᠡᠨ᠃

ᠡᠨᠡᠬᠦ ᠰᠠᠨᠠᠭᠠᠴᠢᠯᠠᠭ᠎ᠠ ᠢᠢᠨ ᠨᠢᠭᠡ ᠴᠢᠬᠤᠯᠠ ᠵᠣᠷᠢᠯᠲᠠ ᠨᠢ 《ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠪᠦᠷᠢᠨ ᠬᠠᠩ᠋ᠭᠠᠵᠤ᠂ ᠮᠠᠯ ᠠᠵᠤ ᠠᠬᠤᠢ᠂ ᠭᠠᠵᠠᠷ ᠲᠠᠷᠢᠶᠠᠯᠠᠩ ᠢ ᠪᠠᠨ ᠡᠷᠴᠢᠮᠵᠢᠭᠦᠯᠦᠨ ᠬᠥᠭ᠍ᠵᠢᠭᠦᠯᠵᠦ᠂ ᠪᠥᠰᠡ ᠨᠤᠲᠤᠭ ᠲᠤ ᠪᠠᠨ ᠣᠷᠭᠠᠨᠢᠭ ᠬᠦᠨᠡᠰᠦ ᠡᠺᠰᠫᠣᠷᠲ᠋ᠯᠤᠭᠴᠢ ᠣᠷᠣᠨ ᠪᠣᠯᠬᠤ》 ᠶᠠᠪᠤᠳᠠᠯ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠢ ᠣᠨᠤᠴᠤᠭᠠᠢ ᠠᠩᠬᠠᠷᠴᠤ᠂ ᠥᠩ᠋ᠭᠡᠷᠡᠭᠰᠡᠨ 05 ᠳ᠋ᠤᠭᠠᠷ ᠰᠠᠷ᠎ᠠ ᠳᠤ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠢᠶᠡᠷ ᠤᠭ ᠠᠰᠠᠭᠤᠳᠠᠯ ᠢ ᠬᠡᠯᠡᠯᠴᠡᠵᠦ᠂ ᠵᠥᠪᠯᠡᠮᠵᠢ ᠭᠠᠷᠭᠠᠭᠰᠠᠨ᠃

ᠮᠥᠨ ᠤᠯᠤᠰ ᠣᠷᠣᠨ ᠳᠠᠶᠠᠭᠠᠷ ᠋᠋᠌᠌ᠬᠦᠨᠡᠰᠦᠨ ᠦ ᠬᠤᠪᠢᠰᠬᠠᠯ ᠡᠬᠢᠯᠡᠭᠦᠯᠬᠦ ᠪᠡᠷ ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠴᠢᠭᠤᠯᠭᠠᠨ ᠳᠤ ᠳᠡᠯᠭᠡᠷᠡᠩ᠋ᠭᠦᠢ ᠮᠡᠳᠡᠭᠡᠯᠡᠯ ᠬᠢᠵᠦ᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠢ ᠬᠠᠩ᠋ᠭᠠᠬᠤ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠲᠥᠰᠥᠯ᠂ ᠢᠷᠡᠬᠦ 5 ᠵᠢᠯ ᠦᠨ ᠪᠣᠳᠣᠯᠭ᠎ᠠ᠂ ᠦᠢᠯᠡ ᠠᠵᠢᠯᠯᠠᠭᠠᠨ ᠤ ᠨᠠᠷᠢᠪᠴᠢᠯᠠᠭᠰᠠᠨ ᠲᠥᠯᠦᠪᠯᠡᠭᠡᠨ ᠦ ᠬᠠᠮᠲᠤ ᠤᠯᠤᠰ ᠤᠨ ᠶᠡᠬᠡ ᠬᠤᠷᠠᠯ ᠳᠤ ᠡᠷᠭᠦᠨ ᠪᠠᠷᠢᠵᠤ᠂ ᠤᠭ ᠲᠣᠭᠲᠠᠭᠠᠯ ᠤᠨ ᠲᠥᠰᠥᠯ 06 ᠳ᠋ᠤᠭᠠᠷ ᠰᠠᠷ᠎ᠠ ᠢᠢᠨ 17 ᠍ ᠤ ᠡᠳᠦᠷ ᠤᠯᠤᠰ ᠤᠨ ᠶᠡᠬᠡ ᠬᠤᠷᠠᠯ ᠪᠠᠷ ᠪᠠᠲᠤᠯᠠᠭᠳᠠᠯ᠎ᠠ᠃

ᠪᠢᠳᠡᠨ ᠦ ᠪᠣᠳᠣᠯᠭ᠎ᠠ᠂ ᠬᠢᠵᠦ ᠬᠡᠷᠡᠭᠵᠢᠭᠦᠯᠬᠦ ᠠᠵᠢᠯ ᠲᠣᠳᠣᠷᠬᠠᠢ ᠪᠣᠯᠤᠭᠰᠠᠨ ᠤᠴᠢᠷ ᠪᠢᠳᠡ ᠴᠠᠭ ᠠᠯᠠᠳᠠᠯ ᠦᠭᠡᠢ ᠠᠵᠢᠯ ᠢᠶᠠᠨ ᠡᠬᠢᠯᠡᠬᠦ ᠶᠣᠰᠣᠲᠠᠢ᠃

ᠡᠨᠡᠬᠦ ᠬᠦᠨᠡᠰᠦᠨ ᠦ ᠬᠤᠪᠢᠰᠬᠠᠯ ᠤᠨ ᠦᠷ᠎ᠡ ᠳ᠋ᠦᠩ ᠳᠥ ᠢᠷᠡᠬᠦ 5 ᠵᠢᠯ ᠳᠥ ᠭᠣᠣᠯ ᠨᠡᠷ᠎ᠡ ᠲᠥᠷᠥᠯ ᠦᠨ 19 ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠬᠠᠩ᠋ᠭᠠᠵᠤ᠂ ᠴᠢᠨᠠᠭᠰᠢᠯᠠᠭᠠᠳ ᠮᠣᠩ᠋ᠭᠣᠯ ᠤᠯᠤᠰ ᠬᠦᠨᠡᠰᠦ ᠡᠺᠰᠫᠣᠷᠲ᠋ᠯᠤᠭᠴᠢ ᠣᠷᠣᠨ ᠪᠣᠯᠬᠤ ᠡᠬᠢᠯᠡᠯ ᠲᠠᠯᠪᠢᠭᠳᠠᠬᠤ ᠤᠴᠢᠷᠲᠠᠢ᠃

ᠡᠨᠡ 5 ᠵᠢᠯ ᠦᠨ ᠲᠥᠯᠥᠪᠯᠡᠭᠡ ᠢᠢ ᠬᠢᠵᠦ ᠬᠡᠷᠡᠭᠵᠢᠭᠦᠯᠬᠦ ᠳᠥ 1.7 ᠶᠡᠬᠡ ᠨᠠᠶᠤᠳ ᠲᠥᠭᠥᠷᠢᠭ᠌ ᠦᠨ ᠰᠠᠩᠬᠦᠵᠢᠯᠲᠡ ᠢᠢ ᠬᠢᠬᠦ ᠲᠠᠯ᠎ᠠ ᠪᠠᠷ ᠤᠯᠤᠰ ᠤᠨ ᠶᠡᠬᠡ ᠬᠤᠷᠠᠯ ᠠᠴᠠ ᠪᠠᠲᠤᠯᠠᠭᠰᠠᠨ ᠲᠣᠭᠲᠠᠭᠠᠯ ᠤᠨ ᠲᠥᠰᠥᠯ ᠳᠥ ᠲᠤᠰᠠᠭᠰᠠᠨ ᠢ ᠲᠠ ᠪᠦᠬᠦᠨ ᠮᠡᠳᠡᠵᠦ ᠪᠠᠢᠢᠭ᠎ᠠ᠃ ᠪᠢᠳᠡ ᠬᠦᠨᠡᠰᠦ ᠪᠡᠨ ᠥᠪᠡᠷᠰᠡᠳ ᠢᠶᠡᠨ ᠪᠡᠯᠡᠳᠬᠡᠳᠡᠭ᠂ ᠦᠢᠯᠡᠳᠪᠦᠷᠢᠯᠡᠳᠡᠭ ᠣᠷᠣᠨ ᠪᠣᠯᠬᠤ ᠠᠴᠠ ᠭᠠᠳᠠᠨ᠎ᠠ ᠳᠡᠯᠡᠬᠡᠢ ᠢᠢᠨ ᠬᠦᠮᠦᠨ ᠲᠥᠷᠥᠯᠬᠢᠲᠡᠨ ᠦ ᠬᠦᠨᠡᠰᠦᠨ ᠦ ᠬᠠᠩ᠋ᠭᠠᠮᠵᠢ ᠳᠤ ᠥᠪᠡᠷ ᠦᠨ ᠬᠤᠪᠢ ᠨᠡᠮᠡᠷᠢ ᠪᠡᠨ ᠤᠷᠤᠭᠤᠯᠬᠤ ᠶᠣᠰᠣᠲᠠᠢ᠃

ᠡᠨᠡᠬᠦ ᠲᠣᠮᠣᠬᠠᠨ ᠵᠣᠷᠢᠯᠲᠠ ᠢᠢ ᠬᠡᠷᠡᠭᠵᠢᠭᠦᠯᠬᠦ ᠶᠡᠬᠡ ᠦᠢᠯᠡᠰ ᠲᠥ ᠡᠷᠳᠡᠮᠲᠡᠨ ᠮᠡᠷᠭᠡᠳ᠂ ᠰᠤᠳᠤᠯᠤᠭᠠᠴᠢᠳ ᠲᠠ ᠪᠦᠬᠦᠨ ᠦ ᠣᠷᠣᠯᠴᠠᠭ᠎ᠠ ᠬᠠᠮᠤᠭ ᠤᠨ ᠴᠢᠬᠤᠯᠠ ᠶᠤᠮ᠃

《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠢ ᠤᠯᠤᠰ ᠣᠷᠣᠨ ᠳᠠᠶᠠᠭᠠᠷ ᠥᠷᠨᠢᠭᠦᠯᠵᠦ᠂ ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠢᠢ ᠰᠢᠨ᠎ᠡ ᠱᠠᠲᠤᠨ ᠳᠤ ᠭᠠᠷᠭᠠᠬᠤ ᠳᠤ ᠥᠨᠳᠥᠷ ᠤᠷ᠎ᠠ ᠴᠢᠳᠠᠪᠤᠷᠢᠲᠠᠢ ᠮᠡᠷᠭᠡᠵᠢᠯ ᠦᠨ ᠪᠣᠯᠪᠠᠰᠤᠨ ᠬᠦᠴᠦᠨ᠂ ᠡᠷᠳᠡᠮᠲᠡᠨ ᠰᠤᠳᠤᠯᠤᠭᠠᠴᠢᠳ᠂ ᠮᠡᠷᠭᠡᠵᠢᠯ ᠦᠨ ᠬᠣᠯᠪᠣᠭᠠᠳ᠂ ᠡᠷᠳᠡᠮ ᠰᠢᠨᠵᠢᠯᠡᠭᠡᠨ ᠦ ᠪᠠᠢᠢᠭᠤᠯᠤᠯᠭ᠎ᠠ ᠨᠤᠭᠤᠳ᠂ ᠳᠡᠭᠡᠳᠦ ᠪᠣᠯᠤᠨ ᠮᠡᠷᠭᠡᠵᠢᠯ ᠦᠨ ᠪᠣᠯᠪᠠᠰᠤᠷᠠᠯ ᠤᠨ ᠪᠠᠢᠢᠭᠤᠯᠤᠯᠭ᠎ᠠ ᠨᠤᠭᠤᠳ ᠤᠨ ᠣᠷᠣᠯᠴᠠᠭ᠎ᠠ᠂ ᠬᠠᠮᠲᠤ ᠢᠢᠨ ᠠᠵᠢᠯᠯᠠᠭ᠎ᠠ ᠪᠠᠨ᠂ ᠮᠠᠩᠯᠠᠢᠢᠯᠠᠯ ᠨᠡᠩ ᠴᠢᠬᠤᠯᠠ ᠪᠠᠢᠢᠨ᠎ᠠ᠃

ᠡᠷᠳᠡᠮᠲᠡᠨ ᠰᠤᠳᠤᠯᠤᠭᠠᠴᠢᠳ ᠲᠠ ᠪᠦᠬᠦᠨ ᠦ ᠪᠦᠲᠦᠭᠡᠯ᠂ ᠰᠢᠨᠵᠢᠯᠡᠬᠦ ᠤᠬᠠᠭᠠᠨ ᠤ ᠠᠮᠵᠢᠯᠲᠠ᠂ ᠣᠯᠤᠯᠲᠠ᠂ ᠦᠢᠯᠡᠳᠪᠦᠷᠢᠯᠡᠯ ᠫᠷᠠᠺᠲ᠋ᠢᠺ ᠲᠤ ᠠᠮᠵᠢᠯᠲᠠ ᠲᠠᠢ ᠨᠡᠪᠲᠡᠷᠡᠴᠥ᠂ ᠰᠢᠨᠵᠢᠯᠡᠬᠦ ᠤᠬᠠᠭᠠᠨ ᠳᠤ ᠰᠠᠭᠤᠷᠢᠯᠠᠭᠰᠠᠨ ᠲᠥᠷᠥ ᠢᠢᠨ ᠪᠣᠳᠣᠯᠭ᠎ᠠ ᠣᠨᠣᠪᠴᠢᠲᠠᠢ ᠪᠠᠢᠢᠬᠤ ᠨᠢ ᠡᠨᠡ ᠰᠠᠯᠪᠤᠷᠢ ᠢᠢᠨ ᠬᠥᠭ᠍ᠵᠢᠯ ᠦᠨ ᠲᠤᠯᠬᠤ ᠴᠡᠭ ᠭᠡᠵᠦ ᠲᠥᠷᠥ ᠢᠢᠨ ᠲᠡᠷᠢᠭᠦᠨ ᠦᠵᠡᠵᠦ ᠪᠠᠢᠢᠨ᠎ᠠ᠃

ᠪᠢᠳᠡ ᠬᠦᠨᠡᠰᠦᠨ ᠦ ᠬᠠᠩ᠋ᠭᠠᠮᠵᠢ ᠪᠠᠨ ᠰᠠᠢᠢᠵᠢᠷᠠᠭᠤᠯᠬᠤ ᠢᠢᠨ ᠲᠤᠯᠠᠳᠠ ᠬᠥᠷᠥᠰᠥ ᠪᠡᠨ ᠬᠠᠮᠠᠭᠠᠯᠠᠬᠤ ᠶᠣᠰᠣᠲᠠᠢ᠃ ᠡᠷᠡᠭᠦᠯ ᠬᠥᠷᠦᠰᠥᠨ ᠳᠥ ᠡᠷᠡᠭᠦᠯ ᠬᠦᠨᠡᠰᠦ ᠤᠷᠭᠤᠨ᠎ᠠ᠃ ᠬᠥᠷᠦᠰᠥ᠂ ᠬᠦᠨᠡᠰᠦ᠂ ᠬᠦᠮᠦᠨ ᠭᠤᠷᠪᠠ ᠬᠦᠢ ᠢᠢᠨ ᠬᠣᠯᠪᠣᠭ᠎ᠠ ᠲᠠᠢ᠃

ᠲᠡᠢᠢᠮᠦ ᠡᠴᠡ ᠡᠬᠡ ᠪᠠᠢᠢᠭᠠᠯᠢ᠂ ᠡᠺᠣᠰᠢᠰᠲ᠋ᠧᠮ᠂ ᠬᠥᠷᠦᠰᠦ ᠰᠢᠷᠣᠢ᠂ ᠭᠠᠵᠠᠷ ᠨᠤᠲᠤᠭ ᠢᠶᠠᠨ ᠬᠠᠮᠠᠭᠠᠯᠠᠬᠤ ᠢᠢᠨ ᠲᠤᠯᠠᠳᠠ ᠲᠡᠷᠪᠤᠮ ᠲᠡᠷᠪᠤᠮ ᠮᠣᠳᠣ ᠲᠠᠷᠢᠵᠤ ᠤᠷᠭᠤᠭᠤᠯᠬᠤ ᠱᠠᠭᠠᠷᠳᠠᠯᠭ᠎ᠠ ᠲᠠᠢ ᠪᠠᠢᠢᠨ᠎ᠠ᠃

ᠬᠥᠷᠦᠰᠦ ᠪᠡᠨ ᠬᠠᠮᠠᠭᠠᠯᠠᠨ᠎ᠠ ᠭᠡᠳᠡᠭ ᠬᠦᠨᠡᠰᠦ ᠪᠡᠨ᠂ ᠬᠦᠮᠦᠨ ᠢᠶᠡᠨ᠂ ᠲᠤᠰᠠᠭᠠᠷ ᠲᠣᠭᠲᠠᠨᠢᠯ ᠢᠶᠠᠨ ᠬᠠᠮᠠᠭᠠᠯᠠᠨ᠎ᠠ ᠭᠡᠰᠡᠨ ᠦᠭᠡ ᠰᠢᠦ. 《ᠠᠮᠢᠳᠤᠷᠠᠯ ᠤᠨ ᠡᠬᠡ ᠤᠰᠤ᠂ ᠤᠰᠤᠨ ᠤ ᠡᠬᠡ ᠮᠣᠳᠣ》 ᠭᠡᠵᠦ ᠮᠣᠩ᠋ᠭᠣᠯᠴᠤᠳ ᠪᠢᠳᠡ ᠶᠠᠷᠢᠳᠠᠭ᠃ ᠪᠢ ᠤᠰᠤ ᠪᠠᠨ ᠬᠠᠮᠠᠭᠠᠯᠠᠬᠤ᠂ ᠮᠣᠳᠣ ᠪᠠᠨ ᠲᠠᠷᠢᠬᠤ᠂ ᠬᠥᠷᠦᠰᠦ ᠪᠡᠨ ᠬᠠᠮᠠᠭᠠᠯᠠᠬᠤ᠂ ᠬᠦᠨᠡᠰᠦ ᠪᠡᠨ ᠨᠡᠮᠡᠭᠳᠡᠭᠦᠯᠬᠦ ᠶᠣᠰᠣᠲᠠᠢ᠃ ᠮᠣᠩ᠋ᠭᠣᠯ ᠬᠦᠮᠦᠨ ᠡᠷᠡᠭᠦᠯ ᠪᠠᠢᠢᠪᠠᠯ ᠦᠨᠳᠦᠰᠦᠲᠡᠨ ᠬᠦᠴᠦᠷᠬᠡᠭ᠌ ᠪᠠᠢᠢᠨ᠎ᠠ᠃

ᠲᠥᠷᠦ ᠢᠢᠨ ᠲᠡᠷᠢᠭᠦᠨ ᠦ ᠰᠠᠨᠠᠭᠠᠴᠢᠯᠠᠭᠰᠠᠨ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠲᠡᠷᠪᠤᠮ ᠮᠣᠳᠣ》᠂ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ᠂ ᠬᠥᠲᠦᠯᠪᠦᠷᠢ ᠨᠦᠭᠦᠳ ᠨᠢ ᠥᠪᠡᠷ ᠬᠣᠭᠣᠷᠣᠨᠳᠣ ᠪᠠᠨ ᠨᠢᠬᠲᠠ ᠤᠶᠠᠯᠳᠤᠭ᠎ᠠ ᠬᠣᠯᠪᠣᠭᠠᠲᠠᠢ᠃

ᠡᠳᠡᠭᠡᠷ ᠵᠣᠷᠢᠯᠲᠠ ᠨᠤᠭᠤᠳ ᠬᠠᠩ᠋ᠭᠠᠨ ᠬᠡᠷᠡᠭᠵᠢᠵᠦ ᠪᠠᠢᠢᠵᠤ ᠮᠣᠩ᠋ᠭᠣᠯ ᠤᠯᠤᠰ ᠲᠣᠭᠲᠠᠪᠤᠷᠢᠲᠠᠢ ᠬᠥᠭ᠍ᠵᠢᠨ᠎ᠡ᠃ ᠮᠣᠩ᠋ᠭᠣᠯ ᠬᠦᠮᠦᠨ ᠦ ᠠᠮᠢᠳᠤᠷᠠᠯ ᠤᠨ ᠴᠢᠨᠠᠷ ᠳᠡᠭᠡᠭ᠍ᠰᠢᠯᠡᠨ᠎ᠡ᠃ ᠦᠨᠳᠦᠰᠦᠨ ᠦ ᠠᠶᠤᠯ ᠦᠭᠡᠢ ᠪᠠᠢᠢᠳᠠᠯ ᠬᠠᠩ᠋ᠭᠠᠭᠳᠠᠨ᠎ᠠ᠃

ᠤᠯᠤᠰ ᠣᠷᠣᠨ ᠤ ᠪᠠᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ᠂ ᠬᠥᠭ᠍ᠵᠢᠯ ᠳᠡᠪᠰᠢᠯ᠂ ᠦᠷ᠎ᠡ ᠬᠡᠦᠬᠡᠳ ᠦᠨ ᠢᠶᠡᠨ ᠢᠷᠡᠭᠡᠳᠦᠢ ᠢᠢᠨ ᠰᠠᠢᠢᠨ ᠰᠠᠢᠢᠬᠠᠨ ᠤ ᠲᠥᠯᠥᠭᠡ ᠰᠠᠯᠪᠤᠷᠢ ᠢᠢᠨ ᠲᠡᠷᠢᠭᠦᠯᠡᠬᠦ ᠡᠷᠳᠡᠮᠲᠡᠨ ᠮᠡᠷᠭᠡᠳ᠂ ᠰᠤᠳᠤᠯᠤᠭᠠᠴᠢᠳ᠂ ᠮᠡᠷᠭᠡᠵᠢᠯᠲᠡᠨ ᠨᠦᠭᠦᠳ ᠲᠠ ᠪᠦᠬᠦᠨ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠢ ᠳᠡᠮᠵᠢᠨ᠂ ᠮᠠᠩᠯᠠᠢᠢᠯᠠᠨ ᠠᠵᠢᠯᠯᠠᠨ᠎ᠠ ᠭᠡᠳᠡᠭ ᠲᠥ ᠲᠥᠷᠥ ᠢᠢᠨ ᠲᠡᠷᠢᠭᠦᠨ ᠢᠲᠡᠭᠡᠯ ᠳᠦᠭᠦᠷᠡᠩ ᠪᠠᠢᠢᠨ᠎ᠠ᠃

ᠲᠠ ᠪᠦᠬᠦᠨ ᠪᠣᠯ ᠤᠯᠤᠰ ᠣᠷᠣᠨ ᠤ ᠪᠠᠨ ᠣᠶᠤᠨ ᠰᠠᠨᠠᠭᠠᠨ ᠤ ᠣᠬᠢ ᠮᠠᠩᠯᠠᠢ ᠪᠣᠯᠤᠭᠰᠠᠨ ᠬᠦᠮᠦᠰ᠃ ᠲᠠ ᠪᠦᠬᠦᠨ ᠪᠣᠯ ᠮᠣᠩ᠋ᠭᠣᠯ ᠤᠨ ᠠᠷᠠᠳ ᠲᠦᠮᠡᠨ ᠢ ᠰᠣᠶᠣᠨ ᠭᠡᠭᠡᠷᠡᠭᠦᠯᠦᠭᠴᠢ ᠨᠠᠷ᠃ ᠲᠠ ᠪᠦᠬᠦᠨ ᠦ ᠢᠲᠡᠭᠡᠯ ᠰᠡᠳᠬᠢᠯ᠂ ᠬᠢᠴᠢᠶᠡᠯ ᠵᠢᠳᠬᠦᠯ ᠡᠴᠡ ᠡᠬᠡ ᠣᠷᠣᠨ᠂ ᠠᠷᠠᠳ ᠲᠦᠮᠡᠨ ᠦ ᠬᠤᠪᠢ ᠵᠠᠶᠠᠭ᠎ᠠ ᠰᠢᠭᠤᠳ ᠬᠠᠮᠢᠶᠠᠷᠤᠯ ᠲᠠᠢ ᠭᠡᠳᠡᠭ ᠢ ᠬᠡᠯᠡᠬᠦ ᠢᠢ ᠬᠦᠰᠡᠵᠦ ᠪᠠᠢᠢᠨ᠎ᠠ᠄᠃

ᠦᠨᠳᠦᠰᠦᠨ ᠦ ᠵᠥᠪᠯᠡᠭᠡᠨ ᠦ ᠦᠢᠯᠡ ᠠᠵᠢᠯᠯᠠᠭᠠᠨ ᠳᠤ ᠠᠮᠵᠢᠯᠲᠠ ᠬᠦᠰᠡᠶ᠎ᠡ᠃

ᠮᠥᠩᠬᠡ ᠲᠩᠷᠢ ᠢᠢᠨ ᠬᠦᠴᠦᠨ ᠳ᠋ᠣᠷ᠎ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ!》 ᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ-ᠭᠠᠵᠠᠷ ᠲᠠᠷᠢᠶᠠᠯᠠᠩ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ-ᠬᠦᠨᠡᠰᠦ ᠦᠢᠯᠡᠳᠪᠦᠷᠢᠯᠡᠯ》 ᠰᠡᠳᠦᠪ ᠢᠶᠡᠷ ᠦᠨᠳᠦᠰᠦᠨ ᠦ ᠴᠢᠭᠤᠯᠭᠠᠨ ᠢ ᠲᠤᠰ ᠲᠤᠰ ᠵᠣᠬᠢᠶᠠᠨ ᠪᠠᠢᠢᠭᠤᠯᠤᠭᠰᠠᠨ ᠪᠢᠯᠡ᠃

ᠥᠨᠥᠳᠥᠷ ᠦᠨ ᠵᠥᠪᠯᠡᠭᠡᠨ ᠳᠥ ᠲᠥᠷᠦ ᠢᠢᠨ ᠪᠣᠯᠤᠨ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ᠂ ᠰᠢᠨᠵᠢᠯᠡᠬᠦ ᠤᠬᠠᠭᠠᠨ ᠤ ᠪᠠᠢᠢᠭᠤᠯᠤᠯᠭ᠎ᠠ ᠨᠤᠭᠤᠳ᠂ ᠪᠣᠯᠪᠠᠰᠤᠷᠠᠯ ᠤᠨ ᠪᠠᠢᠢᠭᠤᠯᠤᠯᠭ᠎ᠠ ᠨᠤᠭᠤᠳ᠂ ᠬᠤᠪᠢ ᠢᠢᠨ ᠬᠡᠪᠰᠢᠯ ᠦᠨ ᠪᠠᠢᠢᠭᠤᠯᠤᠯᠭ᠎ᠠ ᠨᠤᠭᠤᠳ᠂ ᠣᠷᠣᠨ ᠨᠤᠲᠤᠭ ᠤᠨ ᠲᠥᠷᠦ ᠢᠢᠨ ᠪᠣᠯᠤᠨ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ᠂ ᠣᠷᠣᠨ ᠨᠤᠲᠤᠭ ᠤᠨ ᠦᠢᠯᠡᠳᠪᠦᠷᠢᠯᠡᠭᠴᠢᠳ ᠦᠨ ᠲᠥᠯᠦᠭᠡᠯᠡᠯ ᠣᠷᠣᠯᠴᠠᠵᠤ ᠪᠠᠢᠢᠨ᠎ᠠ᠃