ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠦᠨᠳᠦᠰᠦᠨ ᠦ ᠦᠢᠯᠡᠳᠪᠦᠷᠢᠯᠡᠭᠴᠢ 《ᠸᠴᠢᠷᠳᠠᠭᠢᠨᠢᠰ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ 《ᠸᠢᠲ᠋ᠠᠹᠢᠲ ᠢᠨ᠋ᠸᠧᠰᠲ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠳᠤ ᠠᠵᠢᠯᠯᠠᠯ᠎ᠠ᠃
《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠤᠨ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠬᠦᠷᠢᠶᠡᠨ ᠳᠥ ᠢᠷᠡᠬᠦ ᠲᠠᠪᠤᠨ ᠵᠢᠯ ᠳᠥ 1.7 ᠶᠡᠬᠡ ᠨᠠᠶᠤᠳ ᠲᠥᠭᠥᠷᠢᠭ᠌ ᠦᠨ ᠬᠥᠷᠥᠩ᠋ᠭᠡ ᠣᠷᠣᠭᠤᠯᠤᠯᠲᠠ ᠪᠦᠬᠦᠢ ᠴᠣᠭᠴᠠ ᠠᠷᠭ᠎ᠠ ᠬᠡᠮᠵᠢᠶ᠎ᠡ ᠠᠪᠬᠤ ᠪᠣᠯᠤᠭᠰᠠᠨ ᠢ ᠶᠡᠷᠦᠩᠬᠡᠢᠢᠯᠡᠭᠴᠢ ᠬᠡᠯᠡᠯ᠎ᠡ᠃
ᠢᠩ᠋ᠭᠢᠭ᠍ᠰᠡᠨ ᠢᠶᠡᠷ ᠭᠣᠣᠯ ᠨᠡᠷ᠎ᠡ ᠢᠢᠨ 19 ᠨᠡᠷ᠎ᠡ ᠲᠥᠷᠦᠯ ᠦᠨ ᠬᠦᠨᠡᠰᠦᠨ ᠦ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠪᠡᠨ ᠪᠥᠷᠢᠨ ᠬᠠᠩ᠋ᠭᠠᠵᠤ᠂ ᠤᠯᠠᠮ ᠢᠶᠠᠷ ᠡᠺᠰᠫᠣᠷᠲ᠋ᠯᠤᠭᠴᠢ ᠣᠷᠣᠨ ᠪᠣᠯᠬᠤ ᠪᠣᠯᠤᠮᠵᠢ ᠪᠦᠷᠢᠳᠬᠦ ᠢᠢ ᠬᠡᠯᠡᠪᠡ᠃
ᠢᠯᠠᠩ᠋ᠭᠤᠶ᠎ᠠ ᠭᠠᠵᠠᠷ ᠲᠠᠷᠢᠶᠠᠯᠠᠩ᠂ ᠮᠠᠯ ᠠᠵᠤ ᠠᠬᠤᠢ᠂ ᠦᠨᠳᠦᠰᠦᠨ ᠦ ᠦᠢᠯᠡᠳᠪᠦᠷᠢᠯᠡᠭᠴᠢ ᠨᠠᠷ ᠤᠨ ᠪᠠᠢᠢᠩ᠋ᠭᠤ ᠬᠦᠰᠡᠳᠡᠭ ᠪᠠᠭ᠎ᠠ ᠬᠦᠥ ᠲᠡᠢ᠂ ᠤᠷᠲᠤ ᠬᠤᠭᠤᠴᠠᠭ᠎ᠠ ᠲᠠᠢ ᠵᠢᠭᠡᠯᠡ ᠠᠪᠬᠤ᠂ ᠲᠠᠲᠠᠪᠤᠷᠢ ᠢᠢᠨ ᠪᠣᠳᠣᠯᠭ᠎ᠠ ᠪᠠᠷ ᠳᠡᠮᠵᠢᠬᠦ᠂ ᠮᠠᠯ ᠤᠨ ᠬᠠᠯᠳᠠᠪᠤᠷᠢᠲᠤ ᠪᠣᠯᠤᠨ ᠭᠣᠴᠣ ᠬᠠᠯᠳᠠᠪᠤᠷᠢᠲᠤ ᠡᠪᠡᠳᠴᠢᠨ ᠦᠭᠡᠢ ᠪᠦᠰᠡ ᠨᠤᠲᠤᠭ ᠪᠣᠯᠬᠤ ᠵᠡᠷᠭᠡ ᠢᠢ ᠡᠨᠡ ᠬᠦᠷᠢᠶᠡᠨ ᠳᠥ ᠦᠶ᠎ᠡ ᠱᠠᠲᠤ ᠲᠠᠢ ᠰᠢᠢᠳᠪᠦᠷᠢᠯᠡᠬᠦ ᠪᠡᠷ ᠪᠣᠯᠤᠭᠰᠠᠨ ᠢ ᠲᠡᠮᠳᠡᠭᠯᠡᠪᠡ᠃
ᠡᠭᠦᠨ ᠦ ᠲᠤᠯᠠᠳᠠ ᠲᠥᠷᠥ᠂ ᠵᠠᠰᠠᠭ᠂ ᠬᠤᠪᠢ ᠢᠢᠨ ᠬᠡᠪᠰᠢᠯ ᠪᠦᠬᠦ ᠱᠠᠲᠤᠨ ᠳᠤ ᠬᠠᠮᠲᠤᠷᠠᠨ ᠵᠢᠳᠬᠦᠬᠦ ᠢᠢᠨ ᠵᠡᠷᠭᠡᠴᠡᠭᠡ ᠢᠷᠭᠡᠨ ᠪᠦᠷ ᠡᠬᠡ ᠣᠷᠣᠨᠴᠢ ᠬᠤᠳᠠᠯᠳᠤᠨ ᠠᠪᠤᠭᠴᠢ ᠪᠠᠢᠢᠬᠤ ᠢᠢ ᠤᠷᠢᠶᠠᠯᠠᠯ᠎ᠠ᠃
ᠲᠥᠷᠥ ᠢᠢᠨ ᠪᠠᠢᠢᠭᠤᠯᠤᠯᠭ᠎ᠠ ᠨᠤᠭᠤᠳ ᠤᠨ ᠤᠶᠠᠯᠳᠤᠭ᠎ᠠ ᠬᠣᠯᠪᠣᠭ᠎ᠠ ᠢᠢ ᠰᠠᠢᠢᠵᠢᠷᠠᠭᠤᠯᠵᠤ᠂ ᠤᠷᠲᠤ ᠬᠤᠭᠤᠴᠠᠭ᠎ᠠ ᠲᠠᠢ᠂ ᠪᠠᠭ᠎ᠠ ᠬᠦᠦᠲᠡᠢ ᠵᠢᠭᠡᠯᠡ᠂ ᠲᠠᠲᠠᠪᠤᠷᠢ ᠢᠢᠨ ᠪᠣᠳᠣᠯᠭ᠎ᠠ ᠪᠠᠷ ᠳᠡᠮᠵᠢᠵᠦ ᠪᠠᠢᠢᠪᠠᠯ ᠳᠣᠲᠣᠭᠠᠳᠤ ᠢᠢᠨ ᠬᠡᠷᠡᠭᠴᠡᠭᠡ ᠪᠡᠨ ᠬᠠᠩ᠋ᠭᠠᠬᠤ᠂ ᠤᠯᠠᠮ ᠢᠶᠠᠷ ᠡᠺᠰᠫᠣᠷᠲ ᠤᠨ ᠬᠡᠮᠵᠢᠶ᠎ᠡ ᠪᠡᠨ ᠨᠡᠮᠡᠬᠦ ᠪᠦᠷᠢᠨ ᠪᠣᠯᠤᠮᠵᠢ ᠲᠠᠢ ᠭᠡᠵᠦ ᠦᠨᠳᠦᠰᠦᠨ ᠦ ᠦᠢᠯᠡᠳᠪᠦᠷᠢᠯᠡᠭᠴᠢᠳ ᠦᠵᠡᠵᠦ ᠪᠠᠢᠢᠨ᠎ᠠ᠃ ᠮᠥᠨ ᠴᠠᠷ ᠲᠠᠬᠤᠯ ᠤᠨ ᠦᠶ᠎ᠡ ᠳᠥ ᠤᠰᠤ᠂ ᠳᠤᠯᠠᠭᠠᠨ᠂ ᠴᠠᠬᠢᠯᠭᠠᠨ ᠤ ᠲᠥᠯᠥᠪᠦᠷᠢ ᠢᠢ ᠲᠡᠭᠯᠡᠭᠰᠡᠨ ᠨᠢ ᠠᠵᠢᠯᠴᠢᠳ ᠤᠨ ᠢᠶᠠᠨ ᠨᠡᠢᠢᠭᠡᠮ ᠤᠨ ᠠᠰᠠᠭᠤᠳᠠᠯ ᠢ ᠰᠢᠢᠳᠪᠦᠷᠢᠯᠡᠬᠦ᠂ ᠤᠷᠮᠠᠰᠢᠭᠤᠯᠬᠤ ᠵᠡᠷᠭᠡ ᠳᠥ ᠲᠣᠮᠣᠬᠠᠨ ᠳᠡᠮᠵᠢᠯᠭᠡ ᠪᠣᠯᠤᠭᠰᠠᠨ ᠲᠤᠬᠠᠢ ᠶᠠᠷᠢᠯ᠎ᠠ᠃
《ᠸᠴᠢᠷᠳᠠᠭᠢᠨᠢᠰ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ 50 ᠭᠠᠷᠤᠢ ᠨᠡᠷ᠎ᠡ ᠲᠥᠷᠥᠯ ᠦᠨ ᠬᠢᠮ᠎ᠠ᠂ ᠮᠢᠬᠠᠨ ᠪᠦᠲᠦᠭᠡᠭ᠍ᠳᠡᠬᠦᠨ ᠦᠢᠯᠡᠳᠪᠦᠷᠢᠯᠡᠳᠡᠭ ᠪᠥᠭᠡᠳ ᠵᠠᠬ᠎ᠠ ᠵᠡᠭᠡᠯᠢ ᠢᠢᠨ 30-35 ᠬᠤᠪᠢ ᠢ ᠬᠠᠩ᠋ᠭᠠᠳᠠᠭ᠃
《ᠸᠢᠲ᠋ᠠᠹᠢᠲ ᠢᠨ᠋ᠸᠧᠰᠲ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ 13 ᠪᠷᠡᠨ᠋ᠳ᠋ ᠢᠢᠨ 120 ᠭᠠᠷᠤᠢ ᠲᠥᠷᠥᠯ ᠦᠨ ᠵᠢᠭᠦᠰ ᠦᠢᠯᠡᠳᠪᠦᠷᠢᠯᠡᠨ᠂ ᠵᠠᠬ᠎ᠠ ᠵᠡᠭᠡᠯᠢ ᠢᠢᠨ 45 ᠬᠤᠪᠢ ᠢ ᠳᠠᠩ ᠢᠶᠠᠷ ᠬᠠᠩ᠋ᠭᠠᠳᠠᠭ ᠶᠤᠮ᠃