Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠨ ᠬᠠᠭᠠᠳ ᠭᠠᠳᠠᠭᠠᠳᠤ ᠤᠯᠤᠰ ᠤᠨ ᠬᠠᠭᠠᠳ ᠲᠤ ᠢᠯᠡᠭᠡᠵᠦ ᠪᠠᠶᠢᠭᠰᠠᠨ ᠵᠠᠬᠢᠳᠠᠯ ᠤᠳ ᠤᠨ ᠬᠠᠭᠤᠯᠪᠤᠷᠢ ᠶᠢ ᠳᠡᠯᠭᠡᠨ ᠦᠵᠡᠭᠦᠯᠦᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠦᠷ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠳᠠᠭ ᠦᠨᠳᠦᠰᠦᠨ ᠦ ᠪᠢᠴᠢᠭ᠌ ᠦᠰᠦᠭ ᠦᠨ ᠪᠠᠶᠠᠷ ᠢ ᠲᠣᠬᠢᠶᠠᠯᠳᠤᠭᠤᠯᠤᠨ ᠥᠨᠥᠳᠥᠷ ᠲᠥᠷᠥ ᠢᠢᠨ ᠣᠷᠳᠣᠨ ᠤ ᠮᠣᠩᠭ᠋ᠣᠯ ᠲᠥᠷᠥ ᠢᠢᠨ ᠲᠡᠦᠬᠡ ᠢᠢᠨ ᠮᠦᠽᠧᠢ ᠳᠤ ᠮᠣᠩᠭ᠋ᠣᠯ ᠤᠨ ᠶᠡᠬᠡ ᠬᠠᠭᠠᠳ ᠭᠠᠳᠠᠭᠠᠳᠤ ᠤᠯᠤᠰ ᠤᠨ ᠬᠠᠭᠠᠳ ᠲᠤ ᠢᠯᠡᠭᠡᠵᠦ ᠪᠠᠢᠢᠭᠰᠠᠨ ᠵᠠᠬᠢᠳᠠᠯ ᠤᠨ ᠬᠠᠭᠤᠯᠪᠤᠷᠢ ᠨᠤᠭᠤᠳ ᠢ ᠳᠡᠯᠭᠡᠨ ᠦᠵᠡᠭᠦᠯᠦᠯ᠎ᠡ᠃

 

ᠲᠡᠳᠡᠭᠡᠷ ᠵᠠᠬᠢᠳᠠᠯ ᠤᠨ ᠡᠬᠡ ᠬᠤᠪᠢ ᠨᠤᠭᠤᠳ ᠷᠣᠮ ᠤᠨ ᠸᠠᠲ᠋ᠢᠺᠠᠨ ᠤ ᠨᠢᠭᠤᠴᠠ ᠠᠷᠬᠢᠸ᠂ ᠭᠧᠷᠮᠠᠨ ᠤ ᠦᠨᠳᠦᠰᠦᠨ ᠦ ᠨᠣᠮ ᠤᠨ ᠰᠠᠩ ᠵᠡᠷᠭᠡ ᠳᠡᠯᠡᠬᠡᠢ ᠢᠢᠨ ᠤᠯᠤᠰ᠂ ᠣᠷᠣᠨ ᠨᠤᠭᠤᠳ ᠲᠤ ᠬᠠᠳᠠᠭᠠᠯᠠᠭᠳᠠᠵᠤ ᠪᠠᠢᠢᠳᠠᠭ ᠪᠥᠭᠡᠳ ᠵᠠᠬᠢᠳᠠᠯ ᠤᠨ ᠬᠠᠭᠤᠯᠪᠤᠷᠢ ᠢᠢ ᠺᠠᠯᠢᠭ᠍ᠷᠠᠹ ᠢᠶᠠᠷ᠂ ᠪᠢᠴᠢᠭ᠌ ᠦᠰᠦᠭ ᠦᠨ ᠰᠣᠩᠭ᠋ᠣᠳᠠᠭ ᠲᠢᠭ᠌ ᠢᠢᠡᠷ ᠪᠢᠴᠢᠵᠦ ᠦᠵᠡᠭᠦᠯᠵᠦ ᠪᠠᠢᠢᠭ᠎ᠠ ᠶᠤᠮ᠃

 

ᠡᠨᠡ ᠦᠵᠡᠰᠬᠦᠯᠡᠩ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍᠂ ᠡᠩᠬᠡᠪᠣᠯᠤᠳ ᠨᠡᠭᠡᠭᠡᠵᠦ᠄

 

《ᠡᠷᠬᠢᠮ ᠬᠦᠨᠳᠦᠳᠦ ᠵᠣᠴᠢᠳ ᠠ᠋᠃

 

ᠲᠠ ᠪᠦᠬᠦᠨ ᠦ ᠡᠨᠡ ᠡᠳᠦᠷ ᠦᠨ ᠠᠮᠤᠷ ᠠᠮᠤᠭᠤᠯᠠᠩ ᠢ ᠠᠢᠢᠯᠠᠳᠬᠠᠶ᠎ᠠ᠃ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠦᠷ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠳᠠᠭ ᠦᠨᠳᠦᠰᠦᠨ ᠦ ᠪᠢᠴᠢᠭ᠌ ᠦᠰᠦᠭ ᠦᠨ ᠪᠠᠶᠠᠷ ᠲᠤ ᠵᠣᠷᠢᠭᠤᠯᠤᠨ ᠪᠢᠳᠡᠨ ᠦ ᠡᠪᠦᠭᠡ ᠳᠡᠭᠡᠳᠦᠰ᠂ ᠠᠯᠲᠠᠨ ᠤᠷᠤᠭ ᠤᠨ ᠶᠡᠬᠡ ᠬᠠᠭᠠᠳ ᠠᠴᠠ ᠧᠦ᠋ᠷᠣᠫᠠ ᠢᠢᠨ ᠬᠠᠭᠠᠳ ᠲᠤ ᠢᠯᠡᠭᠡᠵᠦ ᠪᠠᠢᠢᠭᠰᠠᠨ ᠵᠠᠬᠢᠳᠠᠯ ᠤᠳ ᠤᠨ ᠬᠠᠭᠤᠯᠪᠤᠷᠢ ᠢᠢ ᠳᠡᠯᠭᠡᠨ ᠦᠵᠡᠭᠦᠯᠵᠦ ᠪᠠᠢᠢᠨ᠎ᠠ᠃ ᠵᠠᠬᠢᠳᠠᠯ ᠤᠳ ᠢ ᠤᠷᠠᠨ ᠪᠢᠴᠢᠯᠭᠡ ᠳᠦᠷᠰᠦᠯᠡᠬᠦ ᠤᠷᠠᠯᠢᠭ ᠤᠨ ᠬᠡᠯᠪᠡᠷᠢ ᠳᠥ ᠣᠷᠣᠭᠤᠯᠤᠨ᠂ ᠤᠷᠠᠨ ᠪᠦᠲᠦᠭᠡᠯ ᠪᠣᠯᠭᠠᠭᠰᠠᠨ ᠬᠦᠮᠦᠨ ᠨᠢ ᠤᠷᠠᠨ ᠪᠢᠴᠢᠭ᠍ᠴᠢ᠂ ᠤᠷᠠᠯᠢᠭ ᠰᠤᠳᠤᠯᠤᠭᠠᠴᠢ᠂ ᠳ᠋ᠣᠺᠲ᠋ᠣᠷᠠᠨ᠋ᠲ ᠡ᠊ ∙ ᠠᠷᠢᠭᠤᠨᠪᠣᠯᠤᠳ ᠶᠤᠮ᠃ ᠡᠵᠡᠨ ᠴᠢᠩᠭᠢᠰ ᠬᠠᠭᠠᠨ ᠢ ᠵᠠᠯᠭᠠᠮᠵᠢᠯᠠᠭᠴᠢ ᠶᠡᠬᠡ ᠬᠠᠭᠠᠳ ᠤᠨ ᠡᠨᠡ ᠵᠠᠬᠢᠳᠠᠯ ᠤᠳ ᠨᠢ ᠳᠡᠯᠡᠬᠡᠢ ᠳᠥ ᠭᠠᠢᠢᠬᠠᠭᠳᠠᠭᠰᠠᠨ ᠪᠢᠴᠢᠭ᠌ ᠰᠤᠶᠤᠯ ᠤᠨ ᠳᠠᠬᠢᠨ ᠳᠠᠪᠲᠠᠭᠳᠠᠰᠢ ᠦᠭᠡᠢ ᠦᠨᠡᠲᠦ ᠥᠪ ᠲᠡᠳᠦᠢ ᠦᠭᠡᠢ ᠮᠣᠩᠭ᠋ᠣᠯ ᠤᠨ ᠲᠥᠷᠥᠳᠦ ᠶᠣᠰᠣᠨ ᠤ ᠠᠤᠭ᠎ᠠ ᠤᠯᠠᠮᠵᠢᠯᠠᠯ ᠢ ᠢᠯᠡᠳᠬᠡᠨ ᠬᠠᠷᠠᠭᠤᠯᠤᠭᠰᠠᠨ ᠲᠡᠦᠬᠡᠨ ᠪᠠᠷᠢᠮᠲᠠ ᠶᠤᠮ᠃ ᠡᠨᠡ ᠦᠵᠡᠰᠬᠦᠯᠡᠩ ᠨᠢ ᠵᠠᠬᠢᠳᠠᠯ ᠤᠳ ᠢ ᠬᠠᠭᠤᠯᠪᠤᠷᠢᠯᠠᠨ ᠴᠣᠭᠴᠠ ᠪᠠᠷ ᠨᠢ ᠭᠠᠷᠭᠠᠵᠤ ᠪᠠᠢᠢᠭ᠎ᠠ ᠪᠠᠷ ᠢᠶᠠᠨ ᠣᠨᠴᠠᠯᠢᠭ ᠲᠠᠢ ᠪᠥᠭᠡᠳ ᠡᠬᠡ ᠬᠡᠯᠡ᠂ ᠪᠢᠴᠢᠭ᠌ ᠰᠤᠶᠤᠯ ᠢᠶᠠᠨ ᠣᠯᠠᠨ ᠨᠡᠢᠢᠲᠡ ᠳᠥ ᠬᠡᠦᠬᠡᠳ ᠵᠠᠯᠠᠭᠤᠰ ᠲᠤ ᠪᠠᠬᠠᠷᠬᠠᠭᠤᠯᠤᠨ ᠲᠠᠨᠢᠭᠤᠯᠬᠤ ᠳᠤ ᠲᠤᠰᠠᠲᠠᠢ ᠶᠤᠮ᠃ ᠬᠦᠷᠦᠯᠴᠡᠨ ᠢᠷᠡᠭᠰᠡᠨ ᠲᠠ ᠪᠦᠬᠦᠨ ᠢ ᠦᠵᠡᠰᠬᠦᠯᠡᠩ ᠢ ᠲᠣᠭᠲᠠᠨ ᠦᠵᠡᠬᠦ ᠢᠢ ᠬᠦᠰᠡᠬᠦ ᠢᠢᠨ ᠵᠡᠷᠭᠡᠴᠡᠭᠡ ᠤᠷᠠᠯᠢᠭ ᠰᠤᠳᠤᠯᠤᠭᠠᠴᠢ ᠡ᠊ ∙ ᠠᠷᠢᠭᠤᠨᠪᠣᠯᠣᠳ ᠤᠨ ᠰᠤᠳᠤᠯᠭᠠᠨ ᠤ ᠠᠵᠢᠯ᠂ ᠤᠷᠠᠨ ᠪᠦᠲᠦᠭᠡᠯ ᠳᠥ ᠠᠮᠵᠢᠯᠲᠠ ᠬᠦᠰᠡᠶ᠎ᠡ》 ᠭᠡᠰᠡᠨ ᠶᠤᠮ᠃

 

ᠦᠵᠡᠰᠬᠦᠯᠡᠩ ᠳᠥ ᠲᠠᠯᠪᠢᠭᠳᠠᠭᠰᠠᠨ ᠶᠡᠬᠡ ᠬᠠᠭᠠᠳ ᠤᠨ ᠵᠠᠬᠢᠳᠠᠯ ᠤᠳ ᠢ ᠪᠣᠳᠠᠲᠤ ᠬᠡᠯᠪᠡᠷᠢ᠂ ᠬᠡᠮᠵᠢᠶ᠎ᠡ ᠪᠡᠷ ᠨᠢ ᠬᠠᠭᠤᠯᠤᠭᠰᠠᠨ ᠪᠥᠭᠡᠳ ᠠᠷᠭᠤᠨ ᠬᠠᠭᠠᠨ ᠤ ᠵᠠᠬᠢᠳᠠᠯ ᠭᠡᠬᠦ ᠳᠥ 3 ᠮᠧᠲ᠋ᠷ 2 ᠰᠠᠨ᠋ᠲ᠋ᠢᠮᠧᠲ᠋ᠷ ᠤᠷᠲᠤ ᠲᠠᠢ ᠪᠠᠢᠢᠭᠰᠠᠨ ᠢ ᠬᠡᠮᠵᠢᠶ᠎ᠡ ᠪᠡᠷ ᠨᠢ ᠬᠠᠭᠤᠯᠪᠤᠷᠢᠯᠠᠭᠰᠠᠨ ᠪᠠᠢᠢᠨ᠎ᠠ᠃