Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠮᠭᠡᠨᠢᠯ ᠢᠯᠡᠷᠬᠡᠢᠢᠯᠡᠪᠡ



ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤᠯᠤᠰ ᠤᠨ ᠶᠡᠷᠦᠩᠬᠡᠢ ᠰᠠᠢᠢᠳ ᠠᠭᠰᠠᠨ ᠠᠪᠧ ᠱᠢᠨᠽᠤ‍ ᠲᠠᠭᠠᠯᠠᠯ ᠲᠡᠭᠦᠰᠦᠭᠰᠡᠨ ᠳᠥ ᠡᠮᠭᠡᠨᠢᠯ ᠢᠯᠡᠷᠬᠡᠢᠢᠯᠡᠯ᠎ᠡ᠃ᠤᠭ ᠡᠮᠭᠡᠨᠢᠯ ᠳᠥ᠂

ᠶᠠᠫᠣᠨ ᠤᠯᠤᠰ ᠤᠨ ᠶᠡᠷᠦᠩᠬᠡᠢ ᠰᠠᠢᠢᠳ ᠠᠭᠰᠠᠨ᠂ ᠮᠣᠩ᠋ᠭᠣᠯ ᠤᠨ ᠠᠨᠳᠠ ᠨᠥᠬᠥᠷ ᠠᠪᠧ ᠱᠢᠨᠽᠤ‍ ᠬᠠᠷᠠᠮᠰᠠᠯᠲᠠᠢ ᠪᠠᠷ ᠲᠠᠭᠠᠯᠠᠯ ᠲᠡᠭᠦᠰᠦᠭᠰᠡᠨ ᠳᠥ ᠭᠦᠨ ᠡᠮᠭᠡᠨᠢᠯ ᠢᠯᠡᠷᠬᠡᠢᠢᠯᠡᠶ᠎ᠡ᠃

ᠡᠷᠬᠢᠮᠰᠦᠭ ᠨᠣᠶᠠᠨ ᠠᠪᠧ ᠱᠢᠨᠽᠤ‍ ᠠᠭᠰᠠᠨ ᠤ ᠵᠠᠰᠠᠭ ᠤᠨ ᠭᠠᠵᠠᠷ ᠠᠴᠠ ᠬᠡᠷᠡᠭᠵᠢᠭᠦᠯᠵᠦ ᠢᠷᠡᠭᠰᠡᠨ 《ᠢᠳᠡᠪᠬᠢᠲᠡᠢ ᠡᠩᠬᠡ ᠲᠠᠢᠢᠪᠤᠩᠴᠢ》 ᠭᠠᠳᠠᠭᠠᠳᠤ ᠪᠣᠳᠣᠯᠭ᠎ᠠ ᠶᠠᠫᠣᠨ ᠤᠯᠤᠰ ᠤᠨ ᠣᠯᠠᠨ ᠤᠯᠤᠰ ᠳ᠋ᠠᠬᠢ ᠨᠡᠷ᠎ᠡ ᠬᠦᠨᠳᠦ᠂ ᠨᠥᠯᠥᠭᠡ ᠢᠢ ᠥᠰᠬᠡᠨ ᠨᠡᠮᠡᠭᠳᠡᠭᠦᠯᠵᠦ᠂ ᠪᠥᠰᠡ ᠨᠤᠲᠤᠭ ᠤᠨ ᠬᠠᠮᠲᠤ ᠢᠢᠨ ᠠᠵᠢᠯᠯᠠᠭ᠎ᠠ ᠢᠢ ᠤᠷᠤᠭᠰᠢᠯᠠᠭᠤᠯᠬᠤ ᠳᠤ ᠦᠨᠡᠲᠡᠢ ᠬᠤᠪᠢ ᠨᠡᠮᠡᠷᠢ ᠣᠷᠣᠭᠤᠯᠵᠤ ᠢᠷᠡᠭᠰᠡᠨ ᠢ ᠪᠢᠳᠡ ᠥᠨᠳᠥᠷ ᠢᠶᠡᠷ ᠦᠨᠡᠯᠡᠳᠡᠭ᠃

ᠠᠪᠧ ᠱᠢᠨᠽᠤ‍ ᠠᠭᠰᠠᠨ ᠮᠣᠩ᠋ᠭᠣᠯ᠂ ᠶᠠᠫᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠣᠨᠴᠤᠭᠤᠢ ᠠᠴᠢ ᠬᠣᠯᠪᠣᠭᠳᠠᠯ ᠥᠭᠴᠦ᠂ 《ᠡᠷᠴᠢ》᠂ 《ᠡᠷᠴᠢ ᠨᠡᠮᠡᠬᠦ》 ᠰᠠᠨᠠᠭᠠᠴᠢᠯᠠᠭ᠎ᠠ ᠳᠡᠪᠰᠢᠭᠦᠯᠦᠨ ᠮᠣᠩ᠋ᠭᠣᠯ ᠤᠯᠤᠰ ᠲᠤ ᠭᠤᠷᠪᠠᠨ ᠤᠳᠠᠭ᠎ᠠ ᠠᠢᠢᠯᠴᠢᠯᠠᠭᠰᠠᠨ ᠶᠡᠷᠦᠩᠬᠡᠢ ᠰᠠᠢᠢᠳ ᠭᠡᠳᠡᠭ ᠢᠶᠡᠷ ᠲᠡᠦᠬᠡᠨ ᠳᠥ ᠪᠢᠴᠢᠭᠳᠡᠨ ᠦᠯᠡᠳᠡᠭᠰᠡᠨ ᠶᠤᠮ᠃ ᠠᠪᠧ ᠱᠢᠨᠽᠤ‍ ᠠᠭᠰᠠᠨ ᠢ ᠶᠡᠷᠦᠩᠬᠡᠢ ᠰᠠᠢᠢᠳ ᠢᠶᠠᠷ ᠠᠵᠢᠯᠯᠠᠭᠰᠠᠨ ᠣᠨ ᠵᠢᠯ ᠦᠳ ᠲᠥ ᠮᠣᠩ᠋ᠭᠣᠯ᠂ ᠶᠠᠫᠣᠨ ᠤ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠤᠯᠠᠮ ᠪᠡᠬᠢᠵᠢᠵᠦ᠂ ᠰᠢᠨ᠎ᠡ ᠱᠠᠲᠤᠨ ᠳᠤ ᠭᠠᠷᠤᠭᠰᠠᠨ ᠳᠤ ᠮᠣᠩ᠋ᠭᠣᠯ ᠤᠨ ᠠᠷᠠᠳ ᠲᠦᠮᠡᠨ ᠭᠦᠨ᠎ᠡ ᠲᠠᠯᠠᠷᠬᠠᠵᠤ ᠪᠠᠢᠢᠳᠠᠭ ᠪᠢᠯᠡ᠃

ᠮᠢᠨᠦ ᠪᠡᠶ᠎ᠡ ᠮᠣᠩ᠋ᠭᠣᠯ ᠤᠯᠤᠰ ᠤᠨ ᠶᠡᠷᠦᠩᠬᠡᠢ ᠰᠠᠢᠢᠳ ᠤᠨ ᠬᠤᠪᠢ ᠪᠠᠷ ᠲᠠᠨ ᠤ ᠰᠠᠢᠢᠬᠠᠨ ᠣᠷᠣᠨ ᠳᠤ ᠬᠣᠶᠠᠷ ᠤᠳᠠᠭ᠎ᠠ ᠠᠢᠢᠯᠴᠢᠯᠠᠨ ᠶᠡᠷᠦᠩᠬᠡᠢ ᠰᠠᠢᠢᠳ ᠠᠪᠧ ᠱᠢᠨᠽᠤ‍ ᠠᠭᠰᠠᠨ ᠲᠠᠢ ᠨᠠᠢᠢᠷᠰᠠᠭ ᠳᠣᠲᠣᠨᠣ ᠲᠠᠨᠢᠯᠴᠠᠨ ᠨᠥᠬᠥᠷᠯᠡᠵᠦ᠂ ᠮᠣᠩ᠋ᠭᠣᠯ᠂ ᠶᠠᠫᠣᠨ ᠤ ᠰᠲ᠋ᠷᠠᠲ᠋ᠧᠭᠢ ᠢᠢᠨ ᠲᠦᠩᠰᠢᠯᠡᠯ ᠦᠨ ᠬᠠᠮᠲᠤ ᠢᠢᠨ ᠠᠵᠢᠯᠯᠠᠭ᠎ᠠ ᠪᠣᠯᠤᠨ ᠨᠠᠢᠢᠷᠠᠮᠳᠠᠯᠲᠤ ᠬᠠᠷᠢᠯᠴᠠᠭ᠎ᠠ ᠢᠢ ᠬᠥᠭ᠍ᠵᠢᠭᠦᠯᠬᠦ ᠢᠢᠨ ᠲᠥᠯᠥᠭᠡ ᠬᠠᠮᠲᠤᠷᠠᠨ ᠵᠢᠳᠬᠦᠵᠦ ᠶᠠᠪᠤᠭᠰᠠᠨ ᠢᠶᠠᠨ ᠡᠷᠬᠢᠮᠯᠡᠨ ᠳᠤᠷᠠᠰᠴᠤ ᠶᠠᠪᠤᠬᠤ ᠪᠣᠯᠤᠨ᠎ᠠ᠃

ᠡᠬᠡ ᠣᠷᠣᠨ ᠤ ᠮᠠᠨᠢ ᠬᠥᠭ᠍ᠵᠢᠯ ᠳ᠋ᠦ ᠪᠣᠯᠤᠨ ᠮᠣᠩ᠋ᠭᠣᠯ᠂ ᠶᠠᠫᠣᠨ ᠤ ᠬᠠᠷᠢᠯᠴᠠᠭᠠᠨ ᠳᠤ ᠲᠡᠭᠦᠨ ᠦ ᠣᠷᠣᠭᠤᠯᠤᠭᠰᠠᠨ ᠬᠤᠪᠢ ᠨᠡᠮᠡᠷᠢ᠂ ᠭᠠᠪᠢᠶ᠎ᠠ ᠵᠢᠳᠬᠦᠯ ᠢ ᠮᠣᠩ᠋ᠭᠣᠯ ᠤᠯᠤᠰ᠂ ᠮᠣᠩ᠋ᠭᠣᠯ ᠤᠨ ᠠᠷᠠᠳ ᠲᠦᠮᠡᠨ ᠡᠭᠦᠷᠢᠳᠡ ᠳᠤᠷᠠᠰᠤᠨ ᠰᠠᠨᠠᠬᠤ ᠪᠣᠯᠤᠨ᠎ᠠ᠃

ᠭᠦᠨ᠎ᠡ ᠬᠦᠨᠳᠦᠳᠬᠡᠭ᠍ᠰᠡᠨ᠂

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ  ᠢᠢᠨ ᠬᠦᠷᠡᠯᠰᠦ᠋ᠬᠡ