Та "Internet explorer"-ийн сүүлийн хувилбар болох "Microsoft edge"-г ашиглана уу

Хэрэв "Microsoft edge"-г татах бол энд дарж татаж авна уу

ᠵᠠᠩᠵᠤᠨ ᠳᠡ‍ ∙ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠶᠡᠬᠡ ᠡᠵᠡᠨ ᠴᠢᠩ᠋ᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ

ᠲᠤᠯᠭᠤᠷ ᠲᠥᠷᠦ ᠢᠢᠨ 2230᠂ 2231᠂ ᠶᠡᠬᠡ ᠮᠣᠩ᠋ᠭᠣᠯ ᠤᠯᠤᠰ ᠤᠨ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠤᠯᠤᠰ ᠤᠨ ᠶᠡᠬᠡ ᠬᠤᠷᠠᠯ ᠤᠨ ᠳᠠᠷᠤᠭ᠎ᠠ ᠭᠣᠮᠪᠣᠵᠠᠪ ᠤᠨ ᠽᠠᠨᠳᠠᠨᠰᠢᠲᠠᠷ ᠠ᠂ ᠶᠡᠷᠦᠩᠬᠡᠢ ᠰᠠᠢᠢᠳ ᠯᠤᠪᠰᠠᠩᠨᠠᠮᠰᠠᠷᠠᠢ ᠢᠢᠨ ᠣᠶᠤᠨ-ᠡᠷᠳᠡᠨᠢ ᠨᠠᠷ ᠵᠠᠩᠵᠤᠨ ᠳᠡ‍ ∙ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠶᠡᠬᠡ ᠡᠵᠡᠨ ᠴᠢᠩ᠋ᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ᠃

ᠬᠦᠨᠳᠦᠳᠬᠡᠯ ᠦᠨ ᠶᠣᠰᠣᠯᠠᠯ ᠳᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ᠂ ᠨᠡᠢᠢᠰᠯᠡᠯ ᠦᠨ ᠤᠳᠤᠷᠢᠳᠤᠯᠭ᠎ᠠ᠂ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ᠂ ᠣᠯᠠᠨ ᠤᠯᠤᠰ ᠤᠨ ᠪᠠᠢᠢᠭᠤᠯᠤᠯᠭ᠎ᠠ ᠢᠢᠨ ᠲᠥᠯᠥᠭᠡᠯᠡᠯ ᠪᠣᠯᠤᠨ ᠠᠯᠪᠠᠨ ᠤ ᠪᠤᠰᠤᠳ ᠬᠦᠮᠦᠰ ᠤᠷᠤᠯᠴᠠᠪᠠ᠃