Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠡᠵᠡᠨ ᠪᠣᠭᠳᠠ ᠴᠢᠩ᠋ᠭᠢᠰ ᠬᠠᠭᠠᠨ ᠤ ᠬᠥᠷᠥᠭ ᠢ ᠠᠢᠢᠯ ᠡᠷᠦᠬᠡ᠂ ᠠᠯᠪᠠᠨ ᠪᠠᠢᠢᠭᠤᠯᠤᠯᠭ᠎ᠠ ᠪᠦᠷᠢ ᠬᠦᠨᠳᠦᠳᠬᠡᠨ ᠵᠠᠯᠠᠬᠤ ᠲᠤᠬᠠᠢ ᠵᠠᠷᠯᠢᠭ ᠢ ᠪᠠᠭᠤᠯᠭᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠵᠦ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠄

ᠪᠦᠷᠢᠨ ᠡᠷᠬᠡᠲᠦ ᠮᠣᠩ᠋ᠭᠣᠯ ᠤᠯᠤᠰ ᠤᠨ ᠡᠷᠬᠡ ᠴᠢᠯᠦᠭᠡᠲᠦ ᠠᠷᠠᠳ ᠢᠷᠭᠡᠳ ᠡ᠂

ᠳᠡᠯᠡᠬᠡᠢ ᠳᠠᠶᠠᠭᠠᠷ ᠲᠠᠷᠬᠠᠨ ᠰᠠᠭᠤᠭ᠎ᠠ ᠡᠯᠢᠭᠡ ᠨᠢᠭᠡᠲᠦ ᠮᠣᠩ᠋ᠭᠣᠯ ᠠᠬᠠᠨ ᠳᠡᠭᠦᠰ ᠡ᠂

ᠡᠵᠡᠨᠳᠦ ᠭᠦᠷᠦᠨ ᠦ ᠭᠠᠯ ᠭᠣᠯᠣᠮᠲᠠ ᠮᠠᠨ ᠤ ᠰᠠᠢᠢᠬᠠᠨ ᠣᠷᠣᠨ ᠳᠤ ᠮᠣᠷᠢᠯᠠᠨ ᠰᠠᠭᠠᠲᠠᠭᠰᠠᠨ ᠡᠷᠬᠢᠮ ᠬᠦᠨᠳᠦᠳᠥ ᠵᠣᠴᠢᠳ ᠠ᠋᠂

ᠡᠷᠬᠢᠮ ᠬᠦᠨᠳᠦᠳᠥ ᠨᠠᠭᠠᠳᠤᠮᠴᠢᠳ ᠠ᠂

ᠡᠴᠢᠭᠡ ᠲᠩᠷᠢ ᠬᠤᠷ᠎ᠠ ᠪᠠᠨ ᠬᠠᠢᠢᠷᠠᠯᠠᠨ᠂ ᠡᠬᠡ ᠳᠡᠯᠡᠬᠡᠢ ᠰᠢᠮ᠎ᠡ ᠪᠡᠨ ᠬᠦᠷᠲᠡᠭᠡᠵᠦ᠂ ᠲᠦᠮᠡᠨ ᠣᠯᠠᠨ ᠤ ᠰᠡᠳᠬᠢᠯ ᠲᠡᠨᠢᠢᠭᠰᠡᠨ᠂ ᠳᠡᠯᠭᠡᠷ ᠰᠠᠢᠢᠬᠠᠨ ᠵᠤᠨ ᠴᠠᠭ ᠡᠬᠡ ᠣᠷᠣᠨ ᠳᠤ ᠮᠢᠨᠢ ᠠᠢᠢᠯᠴᠢᠯᠠᠨ ᠢᠷᠡᠵᠦ᠂ ᠮᠣᠩ᠋ᠭᠣᠯ ᠲᠦᠮᠡᠨ ᠦ ᠶᠡᠬᠡ ᠪᠠᠶᠠᠷ ᠴᠡᠩ᠋ᠭᠡᠯ – ᠦᠨᠳᠦᠰᠦᠨ ᠦ ᠶᠡᠬᠡ ᠪᠠᠶᠠᠷ ᠨᠠᠭᠠᠳᠤᠮ ᠶᠣᠰᠣᠯᠠᠯ ᠲᠡᠭᠦᠯᠳᠡᠷ ᠡᠬᠢᠯᠡᠬᠦ ᠳᠥ ᠪᠡᠯᠡᠨ ᠪᠣᠯᠤᠯ᠎ᠠ᠃

ᠮᠣᠩ᠋ᠭᠣᠯᠴᠤᠳ ᠪᠢᠳᠡ ᠲᠥᠷᠥᠳᠦ ᠶᠣᠰᠣᠨ ᠤ ᠪᠠᠨ ᠡᠨᠡᠬᠦ ᠲᠡᠦᠬᠡᠨ ᠶᠡᠬᠡ ᠪᠠᠶᠠᠷ ᠨᠠᠭᠠᠳᠤᠮ ᠢᠶᠠᠷ ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ ᠲᠡᠦᠬᠡᠲᠦ 100᠂ 101᠂ ᠡᠵᠡᠨ ᠪᠣᠭᠳᠠ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠢᠢ ᠬᠠᠮᠲᠤᠳᠬᠠᠨ ᠲᠡᠮᠳᠡᠭᠯᠡᠵᠦ ᠪᠠᠢᠢᠨ᠎ᠠ᠃

ᠲᠡᠦᠬᠡ ᠰᠤᠶᠤᠯ᠂ ᠲᠥᠷᠥᠳᠦ ᠶᠣᠰᠣᠨ ᠤ ᠳᠠᠢᠢᠴᠢᠨ ᠤᠯᠠᠮᠵᠢᠯᠠᠯ ᠲᠠᠢ ᠮᠠᠨ ᠤ ᠠᠷᠠᠳ ᠲᠦᠮᠡᠨ᠂ ᠡᠬᠡ ᠣᠷᠣᠨᠴᠢ᠂ ᠡᠷᠡᠯᠬᠡᠭ᠌ ᠵᠣᠷᠢᠭᠲᠤ ᠡᠪᠦᠭᠡ ᠳᠡᠭᠡᠳᠦᠰ ᠦᠨ ᠢᠶᠡᠨ ᠪᠠᠬᠠᠳᠤᠮ᠎ᠠ ᠭᠠᠪᠢᠶ᠎ᠠ᠂ ᠪᠠᠬᠠᠷᠬᠠᠮ᠎ᠠ ᠦᠢᠯᠡᠰ ᠢ ᠵᠠᠭᠤᠨ ᠵᠠᠭᠤᠨ ᠢᠶᠠᠷ ᠲᠦᠭᠦᠴᠢᠭᠡᠯᠡᠨ ᠥᠷᠲᠡᠭᠡᠯᠡᠵᠦ᠂ ᠮᠥᠩᠬᠡ ᠲᠩᠷᠢ ᠢᠢᠨ ᠬᠦᠴᠦᠨ ᠳ᠋ᠣᠷ᠎ ᠲᠥᠷᠥ ᠤᠯᠤᠰ ᠢᠶᠠᠨ ᠪᠠᠲᠤᠳᠬᠠᠨ ᠪᠡᠬᠢᠵᠢᠭᠦᠯᠵᠦ᠂ ᠳᠡᠯᠡᠬᠡᠢ ᠢᠢᠨ ᠳᠠᠢᠢᠳᠤ ᠳᠤ ᠰᠤᠤ ᠠᠯᠳᠠᠷ ᠢᠶᠠᠨ ᠳᠠᠭᠤᠷᠢᠰᠬᠠᠵᠤ ᠢᠷᠡᠭᠰᠡᠨ ᠪᠠᠭᠠᠲᠤᠷᠯᠢᠭ ᠲᠡᠦᠬᠡ ᠲᠡᠢ ᠠᠷᠠᠳ ᠲᠦᠮᠡᠨ ᠪᠢᠯᠡ᠃

ᠡᠨᠡᠬᠦ ᠪᠠᠭᠠᠲᠤᠷᠯᠢᠭ ᠲᠡᠦᠬᠡ ᠢᠢᠨ ᠦᠷᠭᠦᠯᠵᠢᠯᠡᠯ ᠪᠣᠯᠤᠭᠰᠠᠨ ᠪᠣᠰᠤᠭ᠎ᠠ ᠵᠠᠶᠠᠭᠠᠲᠤ ᠮᠣᠩ᠋ᠭᠣᠯ ᠲᠦᠮᠡᠨ ᠳᠥ ᠪᠡᠨ ᠲᠥᠷᠥ ᠢᠢᠨ ᠶᠡᠬᠡ ᠪᠠᠶᠠᠷ ᠴᠡᠩ᠋ᠭᠡᠯ ᠨᠠᠭᠠᠳᠤᠮ᠂ ᠥᠨᠳᠥᠷ ᠲᠥᠷᠥ ᠢᠢᠨ ᠲᠠᠰᠢᠷᠯᠠᠨ ᠳᠠᠪᠬᠤᠴᠠᠭᠰᠠᠨ ᠲᠡᠭᠰᠢ ᠰᠠᠢᠢᠬᠠᠨ ᠣᠢ  ᠨᠤᠭᠤᠳ ᠤᠨ ᠪᠠᠬᠠᠳᠤᠮ᠎ᠠ ᠰᠠᠢᠢᠬᠠᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ᠎ᠡ᠃

ᠡᠪᠦᠭᠡ ᠳᠡᠭᠡᠳᠦᠰ ᠡᠴᠡ ᠥᠪᠯᠡᠭᠳᠡᠨ ᠢᠷᠡᠭᠰᠡᠨ ᠦᠨᠳᠦᠰᠦᠨ ᠦ ᠶᠡᠬᠡ ᠪᠠᠶᠠᠷ ᠨᠠᠭᠠᠳᠤᠮ ᠪᠣᠯ ᠮᠣᠩ᠋ᠭᠣᠯ ᠲᠥᠷᠥ ᠢᠢᠨ ᠣᠷᠣᠰᠢᠨ ᠲᠣᠭᠲᠠᠨᠢᠬᠤᠢ᠂ ᠲᠤᠰᠠᠭᠠᠷ ᠲᠣᠭᠲᠠᠨᠢᠯ ᠤᠨ ᠪᠡᠯᠭᠡᠳᠡᠯ᠂ ᠮᠣᠩ᠋ᠭᠣᠯ ᠦᠨᠳᠦᠰᠦᠲᠡᠨ ᠦ ᠡᠪ ᠨᠢᠭᠡᠳᠦᠯ᠂ ᠡᠷᠬᠡ ᠴᠢᠯᠦᠭᠡ᠂ ᠡᠦᠬᠡ ᠲᠡᠦᠬᠡ᠂ ᠦᠨᠡᠲᠦ ᠵᠦᠢᠯ᠂ ᠥᠪ ᠰᠤᠶᠤᠯ᠂ ᠣᠶᠤᠨ ᠰᠠᠨᠠᠭᠠᠨ ᠤ ᠣᠬᠢ ᠰᠢᠮ᠎ᠡ᠂ ᠬᠦᠮᠦᠨ ᠲᠥᠷᠥᠯᠬᠢᠲᠡᠨ ᠦ ᠰᠤᠶᠤᠯ ᠤᠨ ᠦᠨᠡᠲᠦ ᠥᠪ ᠪᠢᠯᠡ᠃

ᠡᠷᠬᠢᠮ ᠬᠦᠨᠳᠦᠳᠥ ᠨᠠᠭᠠᠳᠤᠮᠴᠢᠳ ᠠ᠂

1911 ᠣᠨ ᠤ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠤᠨ ᠲᠥᠯᠦᠭᠡᠬᠢ ᠲᠡᠮᠡᠴᠡᠯ᠂ 1921 ᠣᠨ ᠤ ᠠᠷᠠᠳ ᠤᠨ ᠬᠤᠪᠢᠰᠬᠠᠯ ᠤᠨ ᠦᠷ᠎ᠡ ᠳ᠋ᠦᠩ ᠳᠥ ᠬᠠᠷᠢ ᠢᠢᠨ ᠡᠵᠡᠯᠡᠨ ᠲᠦᠷᠢᠮᠡᠭᠡᠢᠢᠯᠡᠭᠴᠢᠳ ᠡᠴᠡ ᠡᠬᠡ ᠣᠷᠣᠨ ᠢᠶᠠᠨ ᠴᠢᠯᠦᠭᠡᠯᠡᠵᠦ᠂ ᠲᠤᠰᠠᠭᠠᠷ ᠲᠣᠭᠲᠠᠨᠢᠭᠰᠠᠨ ᠮᠣᠩ᠋ᠭᠣᠯ ᠤᠯᠤᠰ ᠢ ᠪᠠᠢᠢᠭᠤᠯᠵᠤ᠂ ᠠᠷᠠᠳ ᠤᠨ ᠵᠠᠰᠠᠭ ᠤᠨ ᠠᠩᠬᠠᠨ ᠤ ᠨᠠᠭᠠᠳᠤᠮ ᠢᠶᠠᠨ ᠬᠢᠭ᠍ᠰᠡᠨ ᠡᠴᠡ ᠬᠣᠢᠢᠰᠢ ᠡᠳᠦᠭᠡ ᠨᠢᠭᠡᠨ ᠵᠠᠭᠤᠨ ᠢ ᠦᠳᠡᠵᠡᠢ᠃

ᠥᠩ᠋ᠭᠡᠷᠡᠭᠰᠡᠨ ᠵᠠᠭᠤᠨ ᠵᠢᠯ ᠪᠣᠯ ᠤᠯᠤᠰ ᠣᠷᠣᠨ ᠤ ᠪᠠᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ ᠢ ᠪᠠᠲᠤᠳᠬᠠᠨ ᠪᠡᠬᠢᠵᠢᠭᠦᠯᠵᠦ᠂ ᠳᠡᠯᠡᠬᠡᠢ ᠳᠠᠬᠢᠨ ᠢᠶᠠᠨ ᠬᠦᠯᠢᠶᠡᠨ ᠵᠥᠪᠰᠢᠶᠡᠷᠡᠭᠳᠡᠵᠦ᠂ ᠣᠷᠴᠢᠨ ᠴᠠᠭ ᠤᠨ ᠠᠷᠠᠳᠴᠢᠯᠠᠭᠰᠠᠨ ᠮᠣᠩ᠋ᠭᠣᠯ ᠤᠯᠤᠰ ᠢ ᠴᠣᠭᠴᠠᠯᠠᠭᠠᠨ ᠪᠠᠢᠢᠭᠤᠯᠤᠭᠰᠠᠨ 《ᠲᠤᠰᠠᠭᠠᠷ ᠲᠣᠭᠲᠠᠨᠢᠯ᠂ ᠬᠥᠭ᠍ᠵᠢᠯ ᠳᠡᠪᠰᠢᠯ》 ᠍ ᠦᠨ ᠠᠭᠤᠤ ᠵᠠᠭᠤᠨ ᠪᠠᠢᠢᠯ᠎ᠠ᠃

ᠢᠷᠡᠵᠦ ᠪᠤᠢ ᠰᠢᠨ᠎ᠡ ᠵᠠᠭᠤᠨ ᠳᠤ ᠮᠣᠩ᠋ᠭᠣᠯᠴᠤᠳ ᠪᠢᠳᠡ ᠣᠯᠤᠯᠲᠠ ᠠᠮᠵᠢᠯᠲᠠ ᠪᠠᠨ ᠪᠠᠲᠤᠳᠬᠠᠵᠤ᠂ ᠠᠷᠠᠳᠴᠢᠯᠠᠭᠰᠠᠨ ᠲᠥᠷᠥ ᠤᠯᠤᠰ ᠢᠶᠠᠨ ᠤᠯᠠᠮ ᠪᠡᠬᠢᠵᠢᠭᠦᠯᠵᠦ᠂ ᠡᠳ᠋ ᠍ ᠦᠨ ᠵᠠᠰᠠᠭ ᠤᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠢᠶᠠᠨ ᠬᠠᠩ᠋ᠭᠠᠨ᠂ ᠬᠥᠭ᠍ᠵᠢᠯ ᠳᠡᠪᠰᠢᠯ ᠢᠶᠡᠷ ᠢᠶᠡᠨ ᠬᠦᠮᠦᠨ ᠲᠥᠷᠥᠯᠬᠢᠲᠡᠨ ᠳᠥ ᠦᠨᠡᠯᠡᠭᠳᠡᠭᠰᠡᠨ 《ᠬᠦᠴᠦᠷᠬᠡᠭ᠌ ᠮᠣᠩ᠋ᠭᠣᠯ ᠤᠯᠤᠰ》 ᠪᠣᠯᠬᠤ ᠢᠢᠨ ᠲᠥᠯᠥᠭᠡ ᠠᠷᠠᠳ ᠨᠡᠢᠢᠲᠡ ᠪᠡᠷ ᠢᠶᠡᠨ ᠬᠠᠮᠲᠤᠷᠠᠨ ᠵᠢᠳᠬᠦᠴᠡᠭᠡᠶ᠎ᠡ᠃

ᠮᠢᠨᠦ ᠮᠣᠩ᠋ᠭᠣᠯ ᠤᠨ ᠠᠷᠠᠳ ᠢᠷᠭᠡᠳ ᠡ᠂

ᠡᠨᠡᠬᠦ ᠲᠡᠦᠬᠡᠨ ᠵᠢᠯ ᠲᠥᠷᠥᠳᠦ ᠶᠣᠰᠣ᠂ ᠲᠡᠦᠬᠡ ᠰᠤᠶᠤᠯ᠂ ᠬᠠᠤᠯᠢ ᠴᠠᠭᠠᠵᠠ ᠢᠢᠨ ᠳ᠋ᠣᠷ ᠮᠣᠩ᠋ᠭᠣᠯ ᠲᠤᠭᠤᠷᠭᠠᠲᠠᠨ ᠢ ᠨᠢᠭᠡᠳᠬᠡᠨ᠂ ᠥᠨᠢ ᠡᠷᠲᠡᠨ ᠡᠴᠡ ᠤᠯᠠᠮᠵᠢᠯᠠᠯ ᠲᠠᠢ ᠲᠥᠷᠥᠳᠦ ᠤᠯᠤᠰ ᠢᠶᠠᠨ ᠰᠡᠷᠭᠦᠭᠡᠨ ᠮᠠᠨᠳᠤᠭᠤᠯᠵᠤ᠂ ᠮᠥᠩᠬᠡ ᠲᠩᠷᠢ ᠢᠢᠨ ᠬᠦᠴᠦᠨ ᠳ᠋ᠣᠷ᠎ ᠶᠡᠬᠡ ᠮᠣᠩ᠋ᠭᠣᠯ ᠤᠯᠤᠰ ᠢ ᠪᠠᠢᠢᠭᠤᠯᠤᠨ᠂ ᠥᠷᠥᠨ᠎ᠡ ᠳᠣᠷᠣᠨ᠎ᠠ ᠢᠢ ᠲᠥᠪᠰᠢᠳᠬᠡᠨ 《ᠮᠣᠩ᠋ᠭᠣᠯ ᠤᠨ ᠶᠡᠬᠡ ᠠᠮᠤᠷ ᠠᠮᠤᠭᠤᠯᠠᠩ》 ᠍ ᠢ ᠳᠡᠯᠡᠬᠡᠢ ᠶᠢᠷᠲᠢᠨᠴᠦ ᠳ᠋ᠥ ᠴᠣᠭᠴᠠᠯᠠᠭᠠᠭᠰᠠᠨ ᠡᠵᠡᠨ ᠪᠣᠭᠳᠠ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠲᠣᠬᠢᠶᠠᠵᠤ ᠪᠠᠢᠢᠨ᠎ᠠ᠃

ᠳᠠᠯᠠᠢ ᠶᠡᠬᠡ ᠬᠠᠭᠠᠨ ᠤ ᠰᠤᠤ ᠠᠯᠳᠠᠷ᠂ ᠠᠭᠤᠤ ᠶᠡᠬᠡ ᠲᠡᠦᠬᠡᠨ ᠦᠢᠯᠡ ᠬᠡᠷᠡᠭ ᠢ ᠠᠯᠳᠠᠷᠰᠢᠭᠤᠯᠤᠨ ᠮᠥᠩᠬᠡᠵᠢᠭᠦᠯᠵᠦ᠂ ᠲᠥᠷᠥᠳᠦ ᠶᠣᠰᠣᠨ ᠤ ᠦᠨᠡᠲᠦ ᠥᠪ ᠢ ᠪᠡᠬᠢᠵᠢᠭᠦᠯᠬᠦ ᠡᠭᠦᠳᠡᠨ ᠡᠴᠡ ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠮᠣᠩ᠋ᠭᠣᠯ ᠲᠥᠷᠥ᠂ ᠠᠢᠢᠯ ᠡᠷᠦᠬᠡ᠂ ᠠᠯᠪᠠᠨ ᠪᠠᠢᠢᠭᠤᠯᠤᠯᠭ᠎ᠠ ᠪᠦᠷᠢ ᠡᠷᠬᠢᠮᠯᠡᠨ ᠵᠠᠯᠠᠵᠤ᠂ ᠳᠡᠭᠡᠳᠦᠯᠡᠨ ᠰᠢᠲᠦᠵᠦ ᠪᠠᠢᠢᠬᠤ ᠲᠤᠬᠠᠢ ᠲᠡᠦᠬᠡᠨ ᠵᠠᠷᠯᠢᠭ ᠢ ᠲᠥᠷᠥ ᠢᠢᠨ ᠲᠡᠷᠢᠭᠦᠨ ᠪᠠᠭᠤᠯᠭᠠᠵᠤ ᠪᠠᠢᠢᠨ᠎ᠠ᠃

ᠶᠡᠬᠡ ᠬᠠᠭᠠᠨ ᠤ ᠰᠦᠷ ᠬᠦᠴᠦ᠂ ᠪᠢᠯᠢᠭ᠌ ᠣᠶᠤᠨ ᠤ – ᠰᠤᠤ ᠠᠯᠳᠠᠷ ᠮᠣᠩ᠋ᠭᠣᠯᠴᠤᠳ ᠪᠢᠳᠡᠨ ᠦ ᠵᠢᠷᠦᠬᠡ ᠰᠡᠳᠬᠢᠯ ᠳᠥ ᠪᠠᠳᠮᠠᠯᠠᠨ ᠠᠰᠠᠵᠤ᠂ ᠮᠣᠩ᠋ᠭᠣᠯ ᠲᠥᠷᠥ ᠢᠢᠨ ᠭᠠᠯ ᠭᠣᠯᠣᠮᠲᠠ ᠢᠢ ᠥᠨᠢ ᠮᠥᠩᠬᠡᠳᠡ ᠪᠠᠳᠠᠷᠠᠭᠠᠬᠤ ᠪᠣᠯᠲᠤᠭᠠᠢ᠃

ᠠᠭᠤᠤ ᠲᠡᠦᠬᠡᠲᠦ ᠨᠡᠭᠦᠳᠡᠯᠴᠢᠳ ᠦᠨ ᠭᠠᠯ ᠭᠣᠯᠣᠮᠲᠠ ᠢᠢ ᠰᠠᠬᠢᠨ ᠰᠠᠭᠤᠭ᠎ᠠ ᠮᠣᠩ᠋ᠭᠣᠯᠴᠤᠳ ᠪᠢᠳᠡ ᠲᠥᠷᠥᠳᠦ ᠶᠣᠰᠣᠨ ᠤ ᠶᠡᠬᠡ ᠰᠢᠲᠦᠭᠡᠨ ᠶᠢᠰᠦᠨ ᠬᠥᠯᠲᠦ ᠴᠠᠭᠠᠨ ᠲᠤᠭ ᠢᠶᠠᠨ ᠮᠥᠩᠬᠡ ᠬᠥᠬᠡ ᠲᠩᠷᠢ ᠳᠥ ᠪᠡᠨ ᠮᠠᠨᠳᠤᠭᠤᠯᠵᠤ᠂ ᠤᠶᠠᠬᠠᠨ ᠽᠠᠮᠪᠤᠲ᠋ᠢᠢᠪ ᠦᠨ ᠨᠠᠷᠠᠨ ᠢ ᠤᠷᠲᠤ ᠢᠢᠨ ᠳᠠᠭᠤᠤ ᠪᠠᠷ ᠢᠶᠠᠨ ᠮᠢᠯᠢᠶᠠᠵᠤ᠂ ᠡᠬᠡ ᠳᠡᠯᠡᠬᠡᠢ᠂ ᠠᠭᠤᠯᠠ ᠤᠰᠤ᠂ ᠬᠦᠮᠦᠨ ᠠᠷᠠᠳ ᠢᠶᠠᠨ ᠪᠠᠶᠠᠰᠬᠠᠭᠰᠠᠨ ᠳᠡᠯᠡᠬᠡᠢ ᠳᠥ ᠭᠠᠭᠴᠠᠬᠠᠨ 《ᠮᠣᠩ᠋ᠭᠣᠯ ᠨᠠᠭᠠᠳᠤᠮ》 ᠡᠢᠢᠨ ᠬᠦ ᠥᠩ᠋ᠭᠡ ᠲᠡᠭᠦᠯᠳᠡᠷ᠂ ᠴᠣᠭ ᠵᠢᠪᠬᠤᠯᠠᠩ ᠲᠡᠭᠦᠰ ᠡᠬᠢᠯᠡᠯ᠎ᠡ᠃

ᠬᠦᠴᠦᠲᠦ ᠪᠥᠬᠡᠴᠦᠳ ᠦᠨ ᠳᠡᠪᠢᠭᠡ ᠰᠢᠪᠠᠭ᠎ᠠ ᠬᠦᠢ ᠮᠠᠨᠳᠤᠯ᠎ ᠳᠦᠭᠦᠷᠭᠡᠵᠦ᠂ ᠠᠷᠭᠤᠮᠠᠭ ᠬᠤᠷᠳᠤᠨ ᠬᠦᠯᠥᠭ ᠦᠳ ᠦᠨ ᠲᠥᠪᠡᠷᠭᠡᠨ ᠲᠠᠯ᠎ᠠ ᠨᠤᠲᠤᠭ ᠢᠶᠠᠨ ᠳᠣᠩᠰᠣᠯᠭᠠᠵᠤ᠂ ᠡᠷᠡᠬᠡᠢ ᠮᠡᠷᠭᠡᠨ ᠬᠠᠷᠪᠤᠭᠠᠴᠢᠳ ᠤᠨ ᠡᠷᠴᠢᠲᠦ ᠰᠤᠮᠤ ᠬᠥᠬᠡ ᠲᠩᠷᠢ ᠳᠥ ᠪᠡᠨ ᠢᠰᠬᠡᠷᠴᠥ᠂ ᠰᠠᠷᠠᠭᠤᠯ ᠤᠬᠠᠭᠠᠨᠳᠤ᠂ ᠥᠨᠳᠥᠷ ᠵᠠᠶᠠᠭᠠᠲᠤ ᠮᠢᠨᠦ ᠮᠣᠩ᠋ᠭᠣᠯ ᠤᠨ ᠠᠷᠠᠳ ᠲᠦᠮᠡᠨ ᠬᠣᠲᠠᠯᠠ ᠣᠯᠠᠨ ᠢᠶᠠᠷ ᠢᠶᠠᠨ ᠳᠡᠨᠵᠢ ᠬᠣᠲᠣᠢᠢᠲᠠᠯ᠎ᠠ ᠳᠡᠯᠭᠡᠷ ᠰᠠᠢᠢᠬᠠᠨ ᠨᠠᠭᠠᠳᠤᠭᠠᠷᠠᠢ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠯ᠎ᠡ᠃