Та "Internet explorer"-ийн сүүлийн хувилбар болох "Microsoft edge"-г ашиглана уу

Хэрэв "Microsoft edge"-г татах бол энд дарж татаж авна уу

ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠬᠦᠨᠳᠦᠳᠬᠡᠨ ᠵᠠᠯᠠᠬᠤ ᠲᠤᠬᠠᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠬᠦᠨᠳᠦᠳᠬᠡᠨ ᠵᠠᠯᠠᠬᠤ ᠲᠤᠬᠠᠢ ᠵᠠᠷᠯᠢᠭ ᠭᠠᠷᠭᠠᠭᠰᠠᠨ ᠪᠢᠯᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ 2022 ᠣᠨ ᠤ 07 ᠳ᠋ᠤᠭᠠᠷ ᠰᠠᠷ᠎ᠠ ᠢᠢᠨ 11 ᠍ ᠦ ᠡᠳᠦᠷ ᠦᠨ 159 ᠳ᠋ᠦᠭᠡᠷ ᠵᠠᠷᠯᠢᠭ ᠢ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠤᠩᠰᠢᠵᠤ ᠰᠣᠨᠣᠷᠳᠠᠭᠤᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠲᠤ᠄

《ᠡᠳᠦᠭᠡ ᠡᠴᠡ 860 ᠵᠢᠯ ᠦᠨ ᠲᠡᠷᠲᠡᠭᠡ ᠳᠡᠯᠡᠬᠡᠢ ᠢᠢᠨ ᠲᠡᠦᠬᠡ ᠢᠢᠨ ᠮᠢᠩ᠋ᠭᠠᠨ ᠤ ᠰᠤᠤᠲᠤ ᠬᠥᠮᠥᠨ ᠲᠡᠮᠦᠵᠢᠨ ᠮᠡᠨᠳᠦᠯᠡᠵᠦ᠂ ᠲᠥᠷᠥᠳᠦ ᠶᠣᠰᠣ᠂ ᠲᠡᠦᠬᠡ ᠰᠤᠶᠤᠯ᠂ ᠬᠠᠤᠯᠢ ᠴᠠᠭᠠᠵᠠ ᠢᠢᠨ ᠳ᠋ᠣᠷ᠎ ᠮᠣᠩ᠋ᠭᠣᠯ ᠲᠤᠭᠤᠷᠭᠠᠲᠠᠨ ᠢ ᠨᠢᠭᠡᠳᠬᠡᠨ᠂ ᠥᠨᠢ ᠡᠷᠲᠡᠨ ᠡᠴᠡ ᠤᠯᠠᠮᠵᠢᠯᠠᠯ ᠲᠠᠢ ᠲᠥᠷᠥᠳᠦ ᠤᠯᠤᠰ ᠢᠶᠠᠨ ᠰᠡᠷᠭᠦᠭᠡᠨ ᠮᠠᠨᠳᠤᠭᠤᠯᠵᠤ᠂ ᠮᠥᠩᠬᠡ ᠲᠩᠷᠢ ᠢᠢᠨ ᠬᠦᠴᠦᠨ ᠳ᠋ᠣᠷ᠎ ᠶᠡᠬᠡ ᠮᠣᠩ᠋ᠭᠣᠯ ᠤᠯᠤᠰ ᠢ ᠪᠠᠢᠢᠭᠤᠯᠤᠨ᠂ ᠮᠣᠩ᠋ᠭᠣᠯ ᠤᠨ ᠡᠵᠡᠨᠲᠦ ᠭᠦᠷᠦᠨ ᠦ ᠰᠦᠷ ᠬᠦᠴᠦ ᠢᠢ ᠲᠤᠩᠬᠠᠭᠯᠠᠨ᠂ ᠮᠣᠩ᠋ᠭᠣᠯ ᠦᠨᠳᠦᠰᠦᠲᠡᠨ ᠦ ᠰᠤᠤ ᠠᠯᠳᠠᠷ ᠢ ᠪᠠᠳᠠᠷᠠᠭᠠᠭᠰᠠᠨ ᠡᠵᠡᠨ ᠪᠣᠭᠳᠠ ᠴᠢᠩ᠋ᠭᠢᠰ ᠬᠠᠭᠠᠨ ᠪᠣᠯᠤᠨ ᠡᠷᠭᠦᠮᠵᠢᠯᠡᠭᠳᠡᠵᠦ᠂ ᠳᠡᠯᠡᠬᠡᠢ ᠳᠠᠬᠢᠨ ᠳᠤ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠲᠣᠭᠲᠠᠭᠠᠭᠰᠠᠨ ᠪᠢᠯᠡ᠃

ᠡᠵᠡᠨ ᠪᠣᠭᠳᠠ ᠴᠢᠩ᠋ᠭᠢᠰ ᠬᠠᠭᠠᠨ ᠤ ᠰᠤᠤ ᠠᠯᠳᠠᠷ᠂ ᠠᠭᠤᠤ ᠶᠡᠬᠡ ᠲᠡᠦᠬᠡᠨ ᠦᠢᠯᠡ ᠬᠡᠷᠡᠭ ᠢ ᠰᠤᠷᠪᠤᠯᠵᠢᠯᠠᠨ ᠰᠤᠳᠤᠯᠬᠤ᠂ ᠲᠦᠭᠡᠭᠡᠨ ᠳᠡᠯᠭᠡᠷᠡᠭᠦᠯᠬᠦ᠂ ᠡᠷᠬᠢᠮᠯᠡᠨ ᠳᠡᠭᠡᠳᠦᠯᠡᠬᠦ᠂ ᠠᠯᠳᠠᠷᠰᠢᠭᠤᠯᠤᠨ ᠮᠥᠩᠬᠡᠵᠢᠭᠦᠯᠬᠦ᠂ ᠲᠥᠷᠥᠳᠦ ᠶᠣᠰᠣᠨ ᠤ ᠦᠨᠡᠲᠦ ᠥᠪ ᠢ ᠪᠡᠬᠢᠵᠢᠭᠦᠯᠬᠦ᠂ ᠡᠪ ᠡᠶ᠎ᠡ ᠢᠢ ᠪᠠᠲᠤᠳᠬᠠᠬᠤ ᠡᠭᠦᠳᠡᠨ ᠡᠴᠡ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠳᠥᠷᠪᠡᠳᠦᠭᠡᠷ ᠵᠦᠢᠯ ᠦᠨ 1 ᠳ᠋ᠡᠬᠢ ᠬᠡᠰᠡᠭ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 9 ᠳ᠋ᠦᠭᠡᠷ ᠵᠦᠢᠯ ᠦᠨ 1 ᠳ᠋ᠡᠬᠢ ᠬᠡᠰᠡᠭ ᠢ ᠲᠤᠰ ᠲᠤᠰ ᠦᠨᠳᠦᠰᠦᠯᠡᠨ ᠵᠠᠷᠯᠢᠭ ᠪᠣᠯᠭᠠᠬᠤ ᠨᠢ᠄

ᠨᠢᠭᠡ᠃ ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠮᠣᠩ᠋ᠭᠣᠯ ᠲᠥᠷᠥ ᠡᠷᠬᠢᠮᠯᠡᠨ ᠳᠡᠭᠡᠳᠦᠯᠡᠵᠦ᠂ ᠲᠥᠷᠥ ᠢᠢᠨ ᠣᠷᠳᠣᠨ ᠳᠤ ᠵᠠᠯᠠᠰᠤᠭᠠᠢ᠃

ᠬᠣᠶᠠᠷ᠃ ᠲᠥᠷᠥ ᠢᠢᠨ ᠪᠦᠬᠦ ᠪᠠᠢᠢᠭᠤᠯᠤᠯᠭ᠎ᠠ᠂ ᠮᠣᠩ᠋ᠭᠣᠯ ᠤᠯᠤᠰ ᠠᠴᠠ ᠬᠢᠯᠢ ᠢᠢᠨ ᠴᠢᠨᠠᠳᠤ ᠳᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ᠂ ᠪᠦᠬᠦ ᠱᠠᠲᠤᠨ ᠤ ᠰᠤᠷᠭᠠᠯᠲᠠ ᠢᠢᠨ ᠪᠠᠢᠢᠭᠤᠯᠤᠯᠭ᠎ᠠ ᠨᠤᠭᠤᠳ ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠳᠡᠭᠡᠳᠦᠯᠡᠨ ᠵᠠᠯᠠᠰᠤᠭᠠᠢ᠃

ᠭᠤᠷᠪᠠ᠃ ᠮᠣᠩ᠋ᠭᠣᠯ ᠬᠦᠮᠦᠨ᠂ ᠠᠢᠢᠯ ᠡᠷᠦᠬᠡ ᠪᠦᠷᠢ ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠡᠷᠬᠢᠮᠯᠡᠨ ᠵᠠᠯᠠᠵᠤ᠂ ᠳᠡᠭᠡᠳᠦᠯᠡᠨ ᠰᠢᠲᠦᠵᠦ ᠪᠠᠢᠢᠬᠤ ᠢᠢ ᠤᠷᠢᠶᠠᠯᠠᠰᠤᠭᠠᠢ᠃

ᠳᠥᠷᠪᠡ᠃ ᠮᠣᠩ᠋ᠭᠣᠯ ᠬᠦᠮᠦᠨ ᠪᠦᠷᠢ ᠶᠡᠬᠡ ᠮᠣᠩ᠋ᠭᠣᠯ ᠤᠯᠤᠰ ᠤᠨ ᠭᠠᠯ ᠭᠣᠯᠣᠮᠲᠠ ᠢᠢ ᠰᠠᠬᠢᠵᠤ ᠪᠤᠢ ᠢᠢ ᠪᠠᠨ ᠭᠦᠨ᠎ᠡ ᠤᠬᠠᠮᠰᠠᠷᠯᠠᠨ᠂ ᠡᠵᠡᠨ ᠪᠣᠭᠳᠠ ᠴᠢᠩ᠋ᠭᠢᠰ ᠬᠠᠭᠠᠨ ᠤ ᠰᠤᠤ ᠠᠯᠳᠠᠷ᠂ ᠦᠢᠯᠡ ᠬᠡᠷᠡᠭ᠂ ᠪᠢᠯᠢᠭ᠌ ᠰᠤᠷᠭᠠᠯ ᠢ ᠡᠷᠬᠢᠮᠯᠡᠨ ᠳᠡᠭᠡᠳᠦᠯᠡᠵᠦ᠂ ᠳᠠᠭᠠᠨ ᠮᠥᠷᠳᠡᠵᠦ᠂ ᠲᠥᠷᠥᠳᠦ ᠶᠣᠰᠣᠨ ᠤ ᠦᠨᠡᠲᠦ ᠵᠦᠢᠯ᠂ ᠥᠪ ᠰᠤᠶᠤᠯ ᠢ ᠦᠷ᠎ᠡ ᠬᠣᠢᠢᠴᠢ ᠳᠤ ᠪᠠᠨ ᠥᠪᠯᠡᠭᠦᠯᠦᠨ ᠦᠯᠡᠳᠡᠭᠡᠵᠦ᠂ ᠡᠶ᠎ᠡ ᠡᠶ᠎ᠡ ᠪᠡᠨ ᠰᠠᠬᠢᠨ ᠪᠠᠲᠤᠳᠬᠠᠵᠤ᠂ ᠤᠯᠤᠰ ᠣᠷᠣᠨ ᠢᠶᠠᠨ ᠮᠠᠨᠳᠤᠭᠤᠯᠬᠤ ᠳᠤ ᠬᠤᠪᠢ ᠨᠡᠮᠡᠷᠢ ᠪᠡᠨ ᠣᠷᠣᠭᠤᠯᠬᠤ ᠢᠢ ᠤᠷᠢᠶᠠᠯᠠᠰᠤᠭᠠᠢ》 ᠭᠡᠵᠡᠢ᠃