Та "Internet explorer"-ийн сүүлийн хувилбар болох "Microsoft edge"-г ашиглана уу

Хэрэв "Microsoft edge"-г татах бол энд дарж татаж авна уу

ᠠᠷᠠᠳ ᠤᠨ ᠬᠤᠪᠢᠰᠬᠠᠯ ᠤᠨ 100᠂ 101 ᠵᠢᠯ ᠦᠨ ᠣᠢ ᠢᠢᠨ ᠤᠯᠤᠰ ᠤᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠢᠢᠨ ᠪᠠᠷᠢᠯᠳᠤᠭᠠᠨ ᠳᠤ ᠤᠯᠤᠰ ᠤᠨ ᠬᠠᠷᠴᠠᠭ᠎ᠠ ᠣ᠊ ∙ ᠬᠠᠩ᠋ᠭᠠᠢ ᠲᠦᠷᠦᠭᠦᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ ᠢᠢᠨ ᠤᠯᠤᠰ ᠤᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠢᠢᠨ ᠪᠠᠷᠢᠯᠳᠤᠭᠠᠨ ᠳᠤ ᠠᠷᠪᠠ ᠳᠠᠪᠠᠨ ᠲᠦᠷᠦᠭᠦᠯᠡᠭᠰᠡᠨ ᠬᠣᠪᠳᠣ ᠠᠢᠢᠮᠠᠭ ᠤᠨ ᠪᠤᠶᠠᠨᠲᠤ ᠰᠤᠮᠤ ᠢᠢᠨ ᠬᠠᠷᠢᠶᠠᠲᠤ᠂ 《ᠠᠪᠤᠷᠠᠭᠴᠢ》 ᠰᠫᠣᠷᠲ ᠬᠣᠷᠢᠶ᠎ᠠ᠂ 《ᠬᠣᠪᠳᠣ》 ᠳᠡᠪᠵᠢᠶᠡᠨ ᠦ ᠪᠥᠬᠡ ᠣᠷᠭᠢᠬᠤ ᠢᠢᠨ ᠬᠠᠩ᠋ᠭᠠᠢ ᠳᠤ 《ᠤᠯᠤᠰ ᠤᠨ ᠠᠪᠤᠷᠭᠤ》 ᠴᠣᠯᠠ ᠣᠯᠭᠤᠯ᠎ᠠ᠃

ᠮᠥᠨ ᠶᠢᠰᠦ ᠳᠠᠪᠠᠨ ᠦᠵᠦᠭᠦᠷᠯᠡᠭᠰᠡᠨ ᠰᠡᠯᠡᠩ᠋ᠭᠡ ᠠᠢᠢᠮᠠᠭ ᠤᠨ ᠴᠠᠭᠠᠨᠨᠠᠭᠤᠷ ᠰᠤᠮᠤ ᠢᠢᠨ ᠬᠠᠷᠢᠶᠠᠲᠤ᠂ 《ᠠᠯᠳᠠᠷ》 ᠰᠫᠣᠷᠲ ᠬᠣᠷᠢᠶ᠎ᠠ᠂ 《ᠲᠠᠪᠤᠨ ᠬᠠᠨ》ᠳᠡᠪᠵᠢᠶᠡᠨ  ᠦ ᠪᠥᠬᠡ ᠪᠠᠶᠠᠷᠰᠠᠢᠢᠬᠠᠨ ᠤ ᠣᠷᠬᠣᠨᠪᠠᠶᠠᠷ ᠲᠤ 《ᠤᠯᠤᠰ ᠤᠨ ᠠᠷᠰᠯᠠᠨ》 ᠴᠣᠯᠠ ᠣᠯᠭᠤᠯ᠎ᠠ᠃

《ᠤᠯᠤᠰ ᠤᠨ ᠠᠪᠤᠷᠭᠤ ᠴᠣᠯᠠ ᠣᠯᠭᠣᠬᠤ ᠲᠤᠬᠠᠢ》 ᠪᠣᠯᠤᠨ 《ᠤᠯᠤᠰ ᠤᠨ ᠠᠷᠰᠯᠠᠨ ᠴᠣᠯᠠ ᠣᠯᠭᠣᠬᠤ ᠲᠤᠬᠠᠢ》 ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠤᠩᠰᠢᠵᠤ ᠰᠣᠨᠣᠷᠳᠠᠭᠤᠯᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠤᠯᠤᠰ ᠤᠨ ᠠᠪᠤᠷᠭᠤ ᠣ᠊ ∙ ᠬᠠᠩ᠋ᠭᠠᠢ᠂ ᠤᠯᠤᠰ ᠤᠨ ᠠᠷᠰᠯᠠᠨ ᠪᠠ‍ ∙ ᠣᠷᠬᠣᠨᠪᠠᠶᠠᠷ ᠨᠠᠷ ᠲᠤ ᠴᠣᠯᠠᠨ ᠤ ᠪᠠᠲᠤᠯᠠᠮᠵᠢ ᠢᠢ ᠨᠢ ᠭᠠᠷᠳᠠᠭᠤᠯᠤᠨ ᠥᠭᠴᠦ᠂ ᠡᠩ᠋ᠭᠡᠷ ᠦᠨ ᠲᠡᠮᠳᠡᠭ ᠢ ᠨᠢ ᠵᠡᠭᠦᠵᠦ᠂ ᠪᠠᠶᠠᠷ ᠬᠦᠷᠭᠡᠯ ᠡ᠃