Та "Internet explorer"-ийн сүүлийн хувилбар болох "Microsoft edge"-г ашиглана уу

Хэрэв "Microsoft edge"-г татах бол энд дарж татаж авна уу

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦ᠋ᠲ᠋ᠢᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍᠂ ᠵᠢᠨᠢᠫᠢᠨ ᠨᠠᠷ ᠮᠡᠨᠳᠦᠴᠢᠯᠡᠭᠡ ᠳᠡᠪᠰᠢᠭᠦᠯᠪᠡ

ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦ᠋ᠲ᠋ᠢᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍᠂ ᠵᠢᠨᠢᠫᠢᠨ ᠨᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠦᠰᠦᠬᠡ ᠳᠥ ᠮᠡᠨᠳᠦᠴᠢᠯᠡᠭᠡ ᠳᠡᠪᠰᠢᠭᠦᠯᠡᠯ᠎ᠡ᠃

ᠣᠷᠣᠰ ᠤᠨ ᠬᠣᠯᠪᠣᠭᠠᠨ ᠤ ᠤᠯᠤᠰ  ᠤᠨ ᠶᠡᠷᠦᠩᠬᠡᠢᠢᠯᠡᠭᠴᠢ ᠸ.ᠸ.ᠫᠦ᠋ᠲ᠋ᠢᠨ ᠤ ᠮᠡᠨᠳᠦᠴᠢᠯᠡᠭᠡᠨ ᠳᠥ᠄

《ᠦᠨᠳᠦᠰᠦᠨ ᠦ ᠶᠡᠬᠡ ᠪᠠᠶᠠᠷ ᠨᠠᠭᠠᠳᠤᠮ ᠪᠣᠯᠤᠨ ᠠᠷᠠᠳ ᠤᠨ ᠬᠤᠪᠢᠰᠬᠠᠯ ᠤᠨ 101 ᠵᠢᠯ ᠦᠨ ᠣᠢ ᠢᠢ ᠲᠣᠬᠢᠶᠠᠯᠳᠤᠭᠤᠯᠤᠨ ᠲᠠᠨ ᠳ᠋ᠤ ᠴᠢᠨᠭ᠌ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠢᠢ ᠮᠢᠨᠢ ᠬᠦᠯᠢᠶᠡᠨ ᠠᠪᠴᠤ ᠰᠣᠶᠣᠷᠬᠠᠨ᠎ᠠ ᠤᠤ᠃

ᠣᠷᠣᠰ᠂ ᠮᠣᠩ᠋ᠭᠣᠯ ᠬᠣᠶᠠᠷ ᠤᠯᠤᠰ ᠨᠠᠢᠢᠷᠰᠠᠭ᠂ ᠰᠠᠢᠢᠨ ᠬᠥᠷᠰᠢ ᠢᠢᠨ ᠤᠯᠠᠮᠵᠢᠯᠠᠯᠲᠤ ᠬᠡᠯᠬᠢᠶ᠎ᠡ ᠬᠣᠯᠪᠣᠭ᠎ᠠ ᠲᠠᠢ ᠪᠢᠯᠡ᠃ ᠤᠯᠤᠰ ᠲᠥᠷᠥ ᠢᠢᠨ ᠠᠵᠢᠯ ᠬᠡᠷᠡᠭᠴᠢ ᠶᠠᠷᠢᠶ᠎ᠠ ᠬᠡᠯᠡᠯᠴᠡᠭᠡ ᠥᠷᠨᠢᠬᠥ ᠢᠢᠨ ᠵᠡᠷᠭᠡᠴᠡᠭᠡ ᠣᠯᠠᠨ ᠰᠠᠯᠪᠤᠷᠢ ᠲᠤ ᠦᠷ᠎ᠡ ᠥᠭ᠍ᠭᠦᠭᠡᠴᠢ ᠲᠡᠢ ᠬᠠᠮᠲᠤ ᠢᠢᠨ ᠠᠵᠢᠯᠯᠠᠭ᠎ᠠ ᠬᠥᠭ᠍ᠵᠢᠭᠰᠡᠭᠡᠷ ᠢᠷᠡᠯ᠎ᠡ᠃

ᠣᠷᠣᠰ᠂ ᠮᠣᠩ᠋ᠭᠣᠯ ᠤᠨ ᠠᠷᠠᠳ ᠲᠦᠮᠡᠨ ᠨᠦᠭᠦᠳ ᠦᠨ ᠡᠷᠬᠡ ᠠᠰᠢᠭ ᠲᠤ ᠪᠦᠷᠢᠨ ᠨᠡᠢᠢᠴᠡᠭᠰᠡᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠴᠢᠨᠠᠭᠰᠢᠳᠠ ᠤᠯᠠᠮ ᠪᠡᠬᠢᠵᠢᠨ᠎ᠡ ᠭᠡᠳᠡᠭ ᠲᠥ ᠪᠢ ᠪᠦᠷᠢᠨ ᠢᠲᠡᠭᠡᠯᠲᠡᠢ ᠪᠠᠢᠢᠨ᠎ᠠ᠃

ᠲᠠᠨ ᠳᠤ ᠡᠷᠡᠭᠦᠯ ᠡᠩᠬᠡ᠂ ᠠᠵᠢᠯ ᠤᠨ ᠶᠡᠬᠡ ᠠᠮᠵᠢᠯᠲᠠ᠂ ᠲᠠᠨ ᠤ ᠠᠷᠠᠳ ᠲᠦᠮᠡᠨ ᠳᠥ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠵᠦ ᠪᠠᠢᠢᠨ᠎ᠠ》 ᠭᠡᠵᠡᠢ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠍ ᠤᠨ ᠳᠠᠷᠤᠭ᠎ᠠ ᠱᠢ‍᠂ ᠵᠢᠨᠢᠫᠢᠨ  ᠦ ᠮᠡᠨᠳᠦᠴᠢᠯᠡᠭᠡᠨ ᠳᠥ᠄

《ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠢᠨᠦ ᠪᠡᠶ᠎ᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ᠂ ᠬᠢᠲᠠᠳ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠲᠠᠨ ᠳᠤ ᠪᠣᠯᠤᠨ ᠲᠠᠨ ᠢᠶᠠᠷ ᠳᠠᠮᠵᠢᠭᠤᠯᠤᠨ ᠲᠠᠨ ᠤ ᠤᠯᠤᠰ ᠤᠨ ᠵᠠᠰᠠᠭ ᠤᠨ ᠭᠠᠵᠠᠷ᠂ ᠠᠷᠠᠳ ᠲᠦᠮᠡᠨ ᠳᠥ ᠴᠢᠨᠭ᠌ ᠰᠡᠳᠬᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃

ᠬᠢᠲᠠᠳ᠂ ᠮᠣᠩ᠋ᠭᠣᠯ ᠬᠣᠶᠠᠷ ᠤᠯᠤᠰ ᠪᠣᠯ ᠠᠭᠤᠯᠠ᠂ ᠤᠰᠤ ᠪᠠᠷ ᠬᠣᠯᠪᠣᠭᠳᠠᠭᠰᠠᠨ ᠨᠠᠢᠢᠷᠰᠠᠭ᠂ ᠦᠨᠡᠨᠴᠢ ᠬᠠᠮᠲᠤ ᠢᠢᠨ ᠠᠵᠢᠯᠯᠠᠭ᠎ᠠ ᠲᠠᠢ ᠲᠦᠩᠰᠢ ᠨᠦᠭᠦᠳ᠃ ᠬᠣᠶᠠᠷ ᠤᠯᠤᠰ ᠤᠨ ᠬᠠᠷᠢᠯᠴᠠᠭ᠎ᠠ ᠢᠢ ᠰᠠᠢᠢᠲᠤᠷ ᠬᠠᠮᠠᠭᠠᠯᠠᠵᠤ᠂ ᠪᠡᠬᠢᠵᠢᠭᠦᠯᠦᠨ ᠬᠥᠭ᠍ᠵᠢᠭᠦᠯᠬᠦ ᠨᠢ ᠲᠠᠯ ᠤᠳ ᠤᠨ ᠢᠵᠠᠭᠤᠷ ᠪᠣᠯᠤᠭᠠᠳ ᠬᠡᠲᠦ ᠢᠢᠨ ᠡᠷᠬᠡ ᠠᠰᠢᠭ ᠲᠤ ᠨᠡᠢᠢᠴᠡᠳᠡᠭ᠃

ᠰᠡᠭᠦᠯ ᠦᠨ ᠵᠢᠯ ᠦᠳ ᠲᠥ ᠬᠢᠲᠠᠳ᠂ ᠮᠣᠩ᠋ᠭᠣᠯ ᠤᠨ ᠬᠠᠷᠢᠯᠴᠠᠭ᠎ᠠ ᠴᠣᠭᠴᠠ ᠪᠠᠷ ᠬᠤᠷᠳᠤᠴᠠ ᠲᠠᠢ ᠬᠥᠭ᠍ᠵᠢᠵᠦ᠂ ᠰᠠᠯᠪᠤᠷᠢ ᠪᠦᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠠᠷᠪᠢᠨ ᠦᠷ᠎ᠡ ᠥᠭ᠍ᠭᠦᠭᠡᠴᠢ ᠲᠡᠢ ᠪᠠᠢᠢᠨ᠎ᠠ᠃

ᠮᠢᠨᠦ ᠪᠡᠶ᠎ᠡ ᠬᠣᠶᠠᠷ ᠤᠯᠤᠰ ᠤᠨ ᠬᠠᠷᠢᠯᠴᠠᠭᠠᠨ ᠳᠤ ᠥᠨᠳᠥᠷ ᠠᠴᠢ ᠬᠣᠯᠪᠣᠭᠳᠠᠯ ᠥᠭᠴᠦ᠂ ᠬᠣᠶᠠᠷ ᠤᠯᠤᠰ ᠤᠨ ᠬᠠᠷᠢᠯᠴᠠᠭᠠᠨ ᠤ ᠬᠥᠭ᠍ᠵᠢᠯ ᠦᠨ ᠭᠣᠣᠯ ᠴᠢᠭᠯᠡᠯ ᠢ ᠰᠲ᠋ᠷᠠᠲ᠋ᠧᠭᠢ ᠢᠢᠨ ᠲᠦᠪᠰᠢᠨ ᠳᠥ ᠠᠯᠤᠰ ᠤᠨ ᠬᠠᠷᠠᠭᠠᠲᠠᠢ ᠪᠠᠷ ᠴᠢᠭᠯᠡᠭᠦᠯᠵᠦ᠂ ᠬᠢᠲᠠᠳ᠂ ᠮᠣᠩ᠋ᠭᠣᠯ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠡᠷᠡᠭᠦᠯ᠂ ᠲᠣᠭᠲᠠᠪᠤᠷᠢᠲᠠᠢ ᠬᠥᠭ᠍ᠵᠢᠭᠦᠯᠵᠦ᠂ ᠬᠣᠶᠠᠷ ᠤᠯᠤᠰ ᠪᠣᠯᠤᠨ ᠬᠣᠶᠠᠷ ᠤᠯᠤᠰ ᠤᠨ ᠠᠷᠠᠳ ᠲᠦᠮᠡᠨ ᠳᠥ ᠦᠷ᠎ᠡ ᠰᠢᠮ᠎ᠡ ᠢᠢ ᠬᠦᠷᠲᠡᠭᠡᠬᠦ ᠳᠥ ᠲᠠᠨ ᠲᠠᠢ ᠬᠠᠮᠲᠤᠷᠠᠨ ᠠᠵᠢᠯᠯᠠᠬᠤ ᠢᠢ ᠬᠢᠴᠢᠶᠡᠬᠦ ᠳᠥ ᠪᠡᠯᠡᠨ ᠪᠠᠢᠢᠨ᠎ᠠ᠃

ᠮᠣᠩ᠋ᠭᠣᠯ ᠤᠯᠤᠰ ᠲᠤ ᠬᠥᠭ᠍ᠵᠢᠯ ᠴᠡᠴᠡᠭᠯᠡᠯ᠂ ᠠᠷᠠᠳ ᠲᠦᠮᠡᠨ ᠳᠥ ᠠᠵᠠ ᠵᠢᠷᠭᠠᠯ ᠢ ᠬᠦᠰᠡᠨ ᠢᠷᠦᠭᠡᠶ᠎ᠡ》 ᠭᠡᠵᠡᠢ᠃