ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠵᠣ᠂ ᠪᠠᠢᠢᠳᠧᠨ ᠮᠡᠨᠳᠦᠴᠢᠯᠡᠭᠡ ᠳᠡᠪᠰᠢᠭᠦᠯᠦᠯ᠎ᠡ᠃
ᠠᠮᠧᠷᠢᠺᠠ ᠢᠢᠨ ᠨᠢᠭᠡᠳᠦᠭᠰᠡᠨ ᠤᠯᠤᠰ ᠍ ᠤᠨ ᠶᠡᠷᠦᠩᠬᠡᠢᠢᠯᠡᠭᠴᠢ ᠢᠢᠨ ᠮᠡᠨᠳᠦᠴᠢᠯᠡᠭᠡᠨ ᠳᠥ᠄
《ᠠᠮᠧᠷᠢᠺᠠ ᠢᠢᠨ ᠨᠢᠭᠡᠳᠦᠭᠰᠡᠨ ᠤᠯᠤᠰ ᠤᠨ ᠨᠡᠷ᠎ᠡ ᠢᠢᠨ ᠡᠮᠦᠨ᠎ᠡ ᠡᠴᠡ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠡᠨᠡ 07 ᠳ᠋ᠤᠭᠠᠷ ᠰᠠᠷ᠎ᠠ ᠢᠢᠨ 11 ᠍ ᠦ ᠡᠳᠦᠷ ᠲᠣᠬᠢᠶᠠᠵᠤ ᠪᠤᠢ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ ᠣᠢ ᠢᠢᠨ ᠪᠠᠶᠠᠷ ᠤᠨ ᠮᠡᠨᠳᠦ ᠢᠢ ᠳᠡᠪᠰᠢᠭᠦᠯᠵᠦ᠂ ᠬᠠᠮᠤᠭ ᠤᠨ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃
ᠳ᠋ᠢᠫᠯᠣᠮᠠᠲ ᠬᠠᠷᠢᠯᠴᠠᠭ᠎ᠠ ᠲᠠᠢ 35 ᠵᠢᠯ ᠦᠨ ᠬᠤᠭᠤᠴᠠᠭᠠᠨ ᠳᠤ ᠮᠠᠨ ᠤ ᠬᠣᠶᠠᠷ ᠤᠯᠤᠰ ᠤᠨ ᠬᠠᠷᠢᠯᠴᠠᠭ᠎ᠠ ᠥᠰᠦᠨ ᠨᠡᠮᠡᠭᠳᠡᠭᠰᠡᠭᠡᠷ ᠢᠷᠡᠯ᠎ᠡ᠃ ᠮᠠᠨ ᠤ ᠬᠣᠶᠠᠷ ᠠᠷᠠᠳ ᠲᠦᠮᠡᠨ ᠦ ᠣᠢᠢᠷ᠎ᠠ ᠳᠣᠲᠣᠨᠣ ᠨᠥᠬᠥᠷᠯᠡᠯ ᠦᠨ ᠬᠠᠮᠲᠤ ᠠᠷᠠᠳᠴᠢᠯᠠᠯ ᠤᠨ ᠦᠨᠡᠲᠦ ᠵᠦᠢᠯᠡᠰ᠂ ᠬᠦᠮᠦᠨ ᠦ ᠡᠷᠬᠡ᠂ ᠬᠠᠤᠯᠢ ᠳᠡᠭᠡᠳᠦᠯᠡᠬᠦ ᠶᠣᠰᠣᠨ ᠤ ᠲᠥᠯᠦᠭᠡᠬᠢ ᠪᠢᠳᠡᠨ ᠦ ᠬᠠᠮᠲᠤ ᠢᠢᠨ ᠲᠤᠭᠤᠰᠢᠲᠠᠢ ᠵᠢᠳᠬᠦᠯ ᠢᠷᠡᠬᠦ ᠣᠨ ᠵᠢᠯ ᠦᠳ ᠲᠥ ᠴᠤ ᠪᠢᠳᠡᠨ ᠢ ᠤᠯᠠᠮ ᠣᠢᠢᠷᠠᠲᠤᠭᠤᠯᠬᠤ ᠪᠣᠯᠤᠨ᠎ᠠ᠃ ᠠᠮᠧᠷᠢᠺᠠ ᠢᠢᠨ ᠨᠢᠭᠡᠳᠦᠭᠰᠡᠨ ᠤᠯᠤᠰ ᠨᠢ ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢ ᠪᠥᠭᠡᠳ 《ᠭᠤᠷᠪᠠᠳᠠᠭᠴᠢ ᠬᠥᠷᠰᠢ》 ᠭᠡᠳᠡᠭ ᠢᠶᠡᠷ ᠢᠶᠡᠨ ᠪᠠᠬᠠᠷᠬᠠᠳᠠᠭ᠃
ᠠᠮᠧᠷᠢᠺᠠ ᠢᠢᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ᠂ ᠵᠢᠯᠯ ᠪᠢᠳᠡ ᠬᠣᠶᠠᠷ ᠳᠡᠯᠡᠬᠡᠢ ᠢᠢᠨ ᠥᠨᠴᠥᠭ ᠪᠤᠯᠤᠨᠭ᠌ ᠪᠦᠷᠢ ᠲᠥ ᠣᠷᠣᠰᠢᠨ ᠰᠠᠭᠤᠭ᠎ᠠ ᠮᠣᠩ᠋ᠭᠣᠯᠴᠤᠳ ᠲᠤ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠠᠵᠠ ᠵᠢᠷᠭᠠᠯ᠂ ᠪᠠᠶᠠᠷ ᠴᠡᠩ᠋ᠭᠡᠯ ᠢ ᠬᠦᠰᠡᠨ ᠢᠷᠦᠭᠡᠶ᠎ᠡ》 ᠭᠡᠵᠡᠢ᠃