ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠱᠸᠧᠳ᠋ ᠢᠢᠨ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠺᠠᠷᠯ XVI ᠭᠤᠰᠳᠠᠹ ᠮᠡᠨᠳᠦᠴᠢᠯᠡᠭᠡ ᠳᠡᠪᠰᠢᠭᠦᠯᠪᠡ᠃
ᠤᠭ ᠮᠡᠨᠳᠦᠴᠢᠯᠡᠭᠡᠨ ᠳᠥ᠄
《ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠡᠷᠬᠢᠮᠰᠦᠭ ᠨᠣᠶᠠᠨ ᠲᠠᠨ ᠳᠤ ᠴᠢᠨᠭ᠌ ᠰᠡᠳᠬᠢᠯ ᠦᠨ ᠪᠠᠶᠠᠷ ᠬᠦᠷᠭᠡᠶ᠎ᠡ᠃
ᠲᠠᠨ ᠳᠤ ᠡᠷᠡᠭᠦᠯ ᠡᠩᠬᠡ᠂ ᠠᠵᠠ ᠵᠢᠷᠭᠠᠯ᠂ ᠮᠣᠩ᠋ᠭᠣᠯ ᠤᠨ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ ᠢᠢ ᠬᠦᠰᠡᠨ ᠢᠷᠦᠭᠡᠶ᠎ᠡ》 ᠭᠡᠵᠡᠢ᠃