ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠶᠠᠫᠣᠨ ᠤᠯᠤᠰ ᠤᠨ ᠶᠡᠷᠦᠩᠬᠡᠢ ᠰᠠᠢᠢᠳ ᠺᠢᠰᠢᠳᠠ ᠹᠦᠮᠢᠤ ᠮᠡᠨᠳᠦᠴᠢᠯᠡᠭᠡ ᠳᠡᠪᠰᠢᠭᠦᠯᠪᠡ᠃
ᠤᠭ ᠮᠡᠨᠳᠦᠴᠢᠯᠡᠭᠡᠨ ᠳᠥ᠄
《ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠶᠠᠫᠣᠨ ᠤᠯᠤᠰ ᠤᠨ ᠵᠠᠰᠠᠭ ᠤᠨ ᠭᠠᠵᠠᠷ ᠪᠣᠯᠤᠨ ᠶᠠᠫᠣᠨ ᠤ ᠠᠷᠠᠳ ᠲᠦᠮᠡᠨ ᠢ ᠲᠥᠯᠥᠭᠡᠯᠡᠨ ᠡᠷᠬᠢᠮᠰᠦᠭ ᠨᠣᠶᠠᠨ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠴᠢᠨᠭ᠌ ᠰᠡᠳᠬᠢᠯ ᠡᠴᠡ ᠪᠡᠨ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃
ᠶᠠᠫᠣᠨ᠂ ᠮᠣᠩ᠋ᠭᠣᠯ ᠬᠣᠶᠠᠷ ᠤᠯᠤᠰ ᠨᠢ ᠡᠷᠬᠡ ᠴᠢᠯᠦᠭᠡ᠂ ᠠᠷᠠᠳᠴᠢᠯᠠᠭᠰᠠᠨ ᠶᠣᠰᠣ᠂ ᠬᠦᠮᠦᠨ ᠦ ᠡᠷᠬᠡ᠂ ᠬᠠᠤᠯᠢ ᠳᠡᠭᠡᠳᠦᠯᠡᠬᠦ ᠶᠣᠰᠣ ᠵᠡᠷᠭᠡ ᠨᠡᠢᠢᠲᠡᠯᠢᠭ ᠦᠨᠡᠲᠦ ᠵᠦᠢᠯᠡᠰ ᠪᠦᠬᠦᠢ 《ᠰᠲ᠋ᠷᠠᠲ᠋ᠧᠭᠢ ᠢᠢᠨ ᠲᠦᠩᠰᠢ》 ᠪᠢᠯᠡ᠃ ᠡᠨᠡ ᠵᠢᠯ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠲᠡᠦᠬᠡᠨ ᠲᠡᠮᠳᠡᠭᠯᠡᠯᠲᠦ ᠣᠢ ᠲᠣᠬᠢᠶᠠᠵᠤ ᠪᠠᠢᠢᠭ᠎ᠠ ᠪᠥᠭᠡᠳ ᠬᠣᠶᠠᠷ ᠣᠷᠣᠨ ᠳᠤ ᠣᠯᠠᠨ ᠲᠡᠮᠳᠡᠭᠯᠡᠯᠳᠦ ᠠᠷᠭ᠎ᠠ ᠬᠡᠮᠵᠢᠶ᠎ᠡ ᠵᠣᠬᠢᠶᠠᠨ ᠪᠠᠢᠢᠭᠤᠯᠤᠭᠳᠠᠵᠤ ᠪᠠᠢᠢᠨ᠎ᠠ᠃ ᠡᠷᠬᠢᠮᠰᠦᠭ ᠨᠣᠶᠠᠨ ᠲᠠᠨ ᠲᠠᠢ 50 ᠵᠢᠯ ᠦᠨ ᠣᠢ ᠢᠢᠨ ᠵᠢᠯ ᠪᠡᠶᠡᠴᠢᠯᠡᠨ ᠠᠭᠤᠯᠵᠠᠵᠤ᠂ ᠬᠣᠶᠠᠷ ᠣᠷᠣᠨ ᠤ ᠢᠷᠡᠭᠡᠳᠦᠢ ᠢᠢᠨ ᠲᠠᠯ᠎ᠠ ᠪᠠᠷ ᠢᠯᠡᠨ ᠳᠠᠯᠠᠩᠭᠥᠢ ᠰᠠᠨᠠᠯ ᠪᠣᠳᠣᠯ ᠢᠶᠠᠨ ᠰᠤᠯᠢᠯᠴᠠᠬᠤ ᠬᠦᠰᠡᠯᠲᠡᠢ ᠪᠠᠢᠢᠨ᠎ᠠ᠃ ᠬᠣᠶᠠᠷ ᠣᠷᠣᠨ ᠤ ᠨᠠᠢᠢᠷᠰᠠᠭ ᠬᠠᠮᠲᠤ ᠢᠢᠨ ᠠᠵᠢᠯᠯᠠᠭ᠎ᠠ ᠢᠢ ᠤᠯᠠᠮ ᠪᠡᠬᠢᠵᠢᠭᠦᠯᠬᠦ ᠢᠢᠨ ᠲᠤᠯᠠᠳᠠ ᠡᠷᠬᠢᠮᠰᠦᠭ ᠨᠣᠶᠠᠨ ᠲᠠᠨ ᠲᠠᠢ ᠭᠠᠷ ᠨᠡᠢᠢᠯᠡᠭᠦᠯᠦᠨ ᠬᠠᠮᠲᠤᠷᠠᠨ ᠠᠵᠢᠯᠯᠠᠬᠤ ᠢᠢ ᠬᠦᠰᠡᠵᠦ ᠪᠠᠢᠢᠨ᠎ᠠ᠃
ᠡᠷᠬᠢᠮᠰᠦᠭ ᠨᠣᠶᠠᠨ ᠲᠠᠨ ᠳᠤ ᠡᠷᠡᠭᠦᠯ ᠡᠩᠬᠡ᠂ ᠠᠵᠢᠯ ᠤᠨ ᠠᠮᠵᠢᠯᠲᠠ ᠢᠢ ᠮᠥᠨ ᠮᠣᠩ᠋ᠭᠣᠯ ᠣᠷᠣᠨ ᠤᠯᠠᠮ ᠪᠦᠷᠢ ᠴᠡᠴᠡᠭᠯᠡᠨ ᠬᠥᠭ᠍ᠵᠢᠬᠦ ᠢᠢ ᠴᠢᠨᠭ᠌ ᠰᠡᠳᠬᠢᠯ ᠡᠴᠡ ᠪᠡᠨ ᠬᠦᠰᠡᠨ ᠢᠷᠦᠭᠡᠶ᠎ᠡ》 ᠭᠡᠵᠡᠢ᠃