Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠮᠡᠨᠳᠦᠴᠢᠯᠡᠭᠡ ᠳᠡᠪᠰᠢᠭᠦᠯᠪᠡ

ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ ᠮᠡᠨᠳᠦᠴᠢᠯᠡᠭᠡ ᠳᠡᠪᠰᠢᠭᠦᠯᠦᠯ᠎ᠡ᠃

ᠤᠭ ᠮᠡᠨᠳᠦᠴᠢᠯᠡᠭᠡᠨ ᠳᠥ᠄

《ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠨ ᠪᠦᠬᠦ ᠠᠷᠠᠳ ᠲᠦᠮᠡᠨ ᠳᠥ ᠴᠢᠨᠭ᠌ ᠰᠡᠳᠬᠢᠯ ᠦᠨ ᠮᠡᠨᠳᠦᠴᠢᠯᠡᠭᠡ ᠡᠷᠭᠦᠨ ᠳᠡᠪᠰᠢᠭᠦᠯᠦᠶ᠎ᠡ᠃

ᠲᠡᠦᠬᠡᠨ ᠡᠨᠡᠬᠦ ᠣᠨᠴᠤᠭᠤᠢ ᠴᠠᠭ ᠦᠶ᠎ᠡ ᠬᠥᠮᠥᠨ ᠲᠥᠷᠥᠯᠬᠢᠲᠡᠨ ᠪᠢᠳᠡ ᠪᠦᠬᠦᠨ ᠳᠥ ᠨᠢᠭᠡᠨ ᠭᠡᠷ ᠪᠦᠯᠢ ᠰᠢᠭ᠌ ᠡᠪ ᠨᠢᠭᠡᠳᠦᠯᠲᠡᠢ ᠪᠡᠷ ᠬᠠᠮᠲᠤᠷᠠᠨ ᠠᠵᠢᠯᠯᠠᠬᠤ ᠢᠢ ᠡᠷᠭᠢᠨ ᠰᠠᠨᠠᠭᠤᠯᠵᠤ ᠪᠠᠢᠢᠨ᠎ᠠ᠃

ᠤᠯᠤᠰ ᠣᠷᠣᠨ ᠪᠦᠷᠢ – ᠳᠡᠯᠡᠬᠡᠢ ᠨᠡᠢᠢᠲᠡ ᠪᠡᠷ ᠢᠶᠡᠨ ᠨᠢᠭᠤᠷᠯᠡᠭᠠᠳ ᠪᠤᠢ ᠺᠤᠸᠢᠳ᠋-19 ᠴᠠᠷ᠎ ᠲᠠᠬᠤᠯ᠂ ᠤᠯᠠᠮ ᠪᠦᠷᠢ ᠨᠡᠮᠡᠭᠳᠡᠵᠦ ᠪᠤᠢ ᠶᠠᠳᠠᠭᠤᠷᠠᠯ᠂ ᠲᠡᠭᠰᠢ ᠪᠤᠰᠤ ᠪᠣᠯᠤᠨ ᠰᠢᠳᠤᠷᠭᠤ ᠪᠤᠰᠤ ᠪᠠᠢᠢᠳᠠᠯ᠂ ᠴᠢᠨᠠᠭᠰᠢᠯᠠᠭᠠᠳ ᠠᠭᠤᠷ ᠠᠮᠢᠰᠬᠤᠯ ᠤᠨ ᠥᠭᠡᠷᠡᠴᠢᠯᠡᠯᠲᠡ᠂ ᠮᠥᠷᠭᠥᠯᠳᠦᠭᠡᠨ ᠵᠡᠷᠭᠡ ᠦᠨᠳᠦᠰᠦᠨ ᠦ ᠬᠢᠯᠢ ᠳᠠᠮᠨᠠᠭᠰᠠᠨ ᠲᠤᠯᠭᠠᠮᠳᠠᠭᠰᠠᠨ ᠠᠰᠠᠭᠤᠳᠠᠯ ᠢ ᠰᠢᠢᠳᠪᠦᠷᠢᠯᠡᠬᠦ ᠳᠥ ᠬᠤᠪᠢ ᠨᠡᠮᠡᠷᠢ ᠪᠡᠨ ᠣᠷᠣᠭᠤᠯᠵᠤ ᠠᠵᠢᠯᠯᠠᠬᠤ ᠱᠠᠭᠠᠷᠳᠠᠯᠭ᠎ᠠ ᠲᠠᠢ ᠲᠤᠯᠭᠠᠷᠠᠭᠠᠳ ᠪᠠᠢᠢᠨ᠎ᠠ᠃

ᠲᠡᠦᠬᠡᠨ ᠴᠢᠬᠤᠯᠠ ᠠᠴᠢ ᠬᠣᠯᠪᠣᠭᠳᠠᠯ ᠲᠠᠢ ᠡᠨᠡ ᠡᠳᠦᠷ ᠮᠣᠩ᠋ᠭᠣᠯ ᠤᠨ ᠨᠡᠢᠢᠲᠡ ᠠᠷᠠᠳ ᠢᠷᠭᠡᠳ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠲᠤ ᠬᠦᠷᠬᠦ ᠠᠬᠢᠴᠠ ᠳᠡᠪᠰᠢᠯ ᠢ ᠡᠷᠴᠢᠮᠵᠢᠭᠦᠯᠬᠦ᠂ ᠲᠡᠭᠦᠨᠴᠢᠯᠡᠨ ᠡᠨᠡ ᠳᠡᠯᠡᠬᠡᠢ ᠢᠢᠨ ᠪᠦᠬᠦ ᠬᠦᠮᠦᠰ ᠦᠨ ᠲᠥᠯᠥᠭᠡ ᠢᠯᠡᠭᠦᠦ ᠰᠠᠢᠢᠬᠠᠨ᠂ ᠰᠢᠳᠤᠷᠭᠤ᠂ ᠲᠠᠢᠢᠪᠤᠩ ᠶᠢᠷᠲᠢᠨᠴᠦ ᠢᠢ ᠴᠣᠭᠴᠠᠯᠠᠭᠠᠬᠤ ᠦᠢᠯᠡᠰ ᠲᠥ ᠬᠤᠪᠢ ᠨᠡᠮᠡᠷᠢ ᠪᠡᠨ ᠣᠷᠣᠭᠤᠯᠵᠤ ᠠᠵᠢᠯᠯᠠᠨ᠎ᠠ ᠭᠡᠳᠡᠭ ᠲᠥ ᠪᠦᠷᠢᠨ ᠢᠲᠡᠭᠡᠯᠲᠡᠢ ᠪᠠᠢᠢᠨ᠎ᠠ᠃

ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠨᠡᠬᠦ ᠵᠠᠪᠰᠢᠶᠠᠨ ᠢ ᠲᠣᠬᠢᠶᠠᠯᠳᠤᠭᠤᠯᠤᠨ ᠭᠦᠨ ᠬᠦᠨᠳᠦᠳᠬᠡᠯ᠎ᠡ ᠢᠯᠡᠷᠬᠡᠢᠢᠯᠡᠵᠦ ᠪᠤᠢ ᠢᠢ ᠮᠢᠨᠢ ᠬᠦᠯᠢᠶᠡᠨ ᠠᠪᠤᠨ᠎ᠠ ᠤᠤ》 ᠭᠡᠵᠡᠢ᠃