ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠷᠠᠮ ᠨᠠᠲ ᠺᠣᠸᠢᠨᠳ᠋ ᠮᠡᠨᠳᠦᠴᠢᠯᠡᠭᠡ ᠳᠡᠪᠰᠢᠭᠦᠯᠦᠯ᠎ᠡ᠃
ᠤᠭ ᠮᠡᠨᠳᠦᠴᠢᠯᠡᠭᠡᠨ ᠳᠥ᠄
《ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠨᠠᠢᠢᠷᠰᠠᠭ ᠮᠣᠩ᠋ᠭᠣᠯ ᠤᠨ ᠠᠷᠠᠳ ᠲᠦᠮᠡᠨ ᠳᠥ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠠᠰᠠᠭ ᠤᠨ ᠭᠠᠵᠠᠷ᠂ ᠡᠨᠡᠳᠬᠡᠭ᠌ ᠦᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠴᠢᠨᠭ᠌ ᠰᠡᠳᠬᠢᠯ ᠦᠨ ᠬᠠᠯᠠᠭᠤᠨ ᠪᠠᠶᠠᠷ ᠬᠦᠷᠭᠡᠶ᠎ᠡ᠃
ᠡᠨᠡᠳᠬᠡᠭ᠌᠂ ᠮᠣᠩ᠋ᠭᠣᠯ ᠨᠢ ᠣᠶᠤᠨ ᠰᠠᠨᠠᠭᠠᠨ ᠤ ᠣᠢᠢᠷ᠎ᠠ ᠳᠣᠲᠣᠨᠣ ᠬᠥᠷᠰᠢ ᠪᠥᠭᠡᠳ ᠰᠲ᠋ᠷᠠᠲ᠋ᠧᠭᠢ ᠢᠢᠨ ᠲᠦᠩᠰᠢ ᠨᠦᠭᠦᠳ ᠪᠢᠯᠡ᠃ ᠴᠠᠷ ᠲᠠᠬᠤᠯ ᠤᠨ ᠤᠯᠠᠮ ᠠᠴᠠ ᠲᠤᠯᠭᠠᠷᠠᠵᠤ ᠪᠤᠢ ᠰᠣᠷᠢᠯᠲᠠ ᠨᠤᠭᠤᠳ ᠢ ᠦᠯᠦ ᠬᠠᠷᠠᠭᠠᠯᠵᠠᠨ ᠪᠢᠳᠡᠨ ᠦ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠪᠠᠨ ᠪᠦᠬᠦ ᠲᠠᠯ᠎ᠠ ᠪᠠᠷ ᠴᠡᠴᠡᠭᠯᠡᠨ ᠬᠥᠭ᠍ᠵᠢᠵᠦ ᠪᠠᠢᠢᠭ᠎ᠠ ᠢᠢ ᠲᠡᠮᠳᠡᠭᠯᠡᠬᠦ ᠳᠥ ᠨᠡᠩ ᠲᠠᠭᠠᠲᠠᠢ ᠪᠠᠢᠢᠨ᠎ᠠ᠃ ᠰᠠᠶᠠᠬᠠᠨ ᠪᠣᠯᠵᠤ ᠥᠩ᠋ᠭᠡᠷᠡᠭᠰᠡᠨ ᠮᠣᠩ᠋ᠭᠣᠯ ᠤᠯᠤᠰ ᠤᠨ 《ᠶᠡᠬᠡ ᠳᠦᠢᠴᠡᠨᠭ᠌》 ᠡᠳᠦᠷ ᠢᠶᠡᠷ ᠡᠨᠡᠳᠬᠡᠭ᠌ ᠤᠯᠤᠰ ᠲᠤ ᠬᠠᠳᠠᠭᠠᠯᠠᠭᠳᠠᠵᠤ ᠪᠤᠢ ᠪᠤᠷᠬᠠᠨ ᠪᠠᠭᠰᠢ ᠪᠤᠳ᠋ᠳᠠᠾᠠ ᠤᠨ ᠠᠷᠢᠭᠤᠨ ᠴᠢᠨᠳᠠᠷ ᠢ ᠮᠣᠩ᠋ᠭᠣᠯ ᠤᠯᠤᠰ ᠲᠤ ᠵᠠᠯᠠᠵᠤ᠂ ᠰᠦᠰᠦᠭᠲᠡᠨ ᠣᠯᠠᠨ᠂ ᠠᠷᠠᠳ ᠢᠷᠭᠡᠳ ᠲᠥ ᠳᠡᠯᠭᠡᠨ ᠦᠵᠡᠭᠦᠯᠦᠭᠰᠡᠨ ᠨᠢ ᠪᠢᠳᠡᠨ ᠦ ᠪᠤᠳ᠋ᠳᠠᠾᠠ ᠢᠢᠨ ᠱᠠᠰᠢᠨ ᠤ ᠭᠦᠨ ᠭᠦᠨᠵᠡᠭᠡᠢ ᠬᠡᠯᠬᠢᠶ᠎ᠡ ᠬᠣᠯᠪᠣᠭ᠎ᠠ᠂ ᠢᠵᠢᠯ ᠲᠥᠰᠲᠡᠢ ᠥᠪ ᠰᠤᠶᠤᠯ᠂ ᠱᠠᠰᠢᠨ ᠰᠢᠲᠦᠯᠭᠡᠲᠡᠢ ᠢᠢ ᠭᠡᠷᠡᠴᠢᠯᠡᠵᠦ ᠪᠠᠢᠢᠨ᠎ᠠ᠃
ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠤ ᠮᠠᠩᠯᠠᠢᠢᠯᠠᠯ ᠳ᠋ᠣᠷ ᠮᠠᠨ ᠤ ᠬᠣᠶᠠᠷ ᠣᠷᠣᠨ ᠤ ᠰᠲ᠋ᠷᠠᠲ᠋ᠧᠭᠢ ᠢᠢᠨ ᠲᠦᠩᠰᠢᠯᠡᠯ ᠣᠯᠠᠨ ᠰᠠᠯᠪᠤᠷᠢ ᠲᠤ ᠥᠷᠭᠡᠵᠢᠨ ᠲᠡᠯᠡᠵᠦ᠂ ᠬᠠᠮᠲᠤ ᠢᠢᠨ ᠠᠵᠢᠯᠯᠠᠭᠠᠨ ᠤ ᠰᠢᠨ᠎ᠡ ᠭᠠᠷᠴᠠ ᠨᠤᠭᠤᠳ ᠢ ᠨᠡᠭᠡᠵᠦ ᠥᠭ᠍ᠭᠦᠨ᠎ᠡ ᠭᠡᠳᠡᠭ ᠲᠥ ᠮᠢᠨᠦ ᠪᠡᠶ᠎ᠡ ᠢᠲᠡᠭᠡᠯ ᠲᠡᠭᠦᠰ ᠪᠠᠢᠢᠨ᠎ᠠ᠃
ᠡᠨᠡᠬᠦ ᠵᠠᠪᠰᠢᠶᠠᠨ ᠢ ᠠᠰᠢᠭᠯᠠᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠠᠵᠢᠯ ᠤᠨ ᠥᠨᠳᠥᠷ ᠠᠮᠵᠢᠯᠲᠠ ᠬᠦᠰᠡᠬᠦ ᠢᠢᠨ ᠵᠡᠷᠭᠡᠴᠡᠭᠡ ᠮᠣᠩ᠋ᠭᠣᠯ ᠤᠨ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ᠂ ᠰᠠᠢᠢᠨ ᠰᠠᠢᠢᠬᠠᠨ ᠤ ᠢᠷᠦᠭᠡᠯ ᠳᠡᠪᠰᠢᠭᠦᠯᠦᠶ᠎ᠡ᠃
ᠡᠨᠡ ᠢᠯᠳᠠᠮ ᠳᠤ᠂ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠨᠡᠩ ᠥᠨᠳᠥᠷ ᠬᠦᠨᠳᠦᠳᠬᠡᠯ᠎ᠡ ᠳᠠᠪᠲᠠᠨ ᠢᠯᠡᠷᠬᠡᠢᠢᠯᠡᠵᠦ ᠪᠤᠢ ᠢᠢ ᠮᠢᠨᠢ ᠬᠦᠯᠢᠶᠡᠨ ᠠᠪᠤᠨ᠎ᠠ ᠤᠤ》 ᠭᠡᠵᠡᠢ᠃