Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠠᠦᠢᠰᠲ᠋ᠷᠠᠯᠶ᠎ ᠢᠢᠨ ᠬᠣᠯᠪᠣᠭᠠᠨ ᠤ ᠤᠯᠤᠰ ᠤᠨ ᠠᠮᠪᠠᠨ ᠵᠠᠬᠢᠷᠤᠭᠴᠢ ᠮᠡᠨᠳᠦᠴᠢᠯᠡᠭᠡ ᠳᠡᠪᠰᠢᠭᠦᠯᠪᠡ

ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠠᠦᠢᠰᠲ᠋ᠷᠠᠯᠶ᠎ ᠢᠢᠨ ᠬᠣᠯᠪᠣᠭᠠᠨ ᠤ ᠤᠯᠤᠰ ᠤᠨ ᠠᠮᠪᠠᠨ ᠵᠠᠬᠢᠷᠤᠬᠴᠢ ᠳ᠋ᠡᠸᠢᠳ᠋ ᠾᠥᠷᠯᠢ᠋᠋‍‍ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳ᠋ᠥ ᠄

《ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ᠂ ᠠᠷᠠᠳ ᠤᠨ ᠬᠤᠪᠢᠰᠬᠠᠯ ᠤᠨ ᠣᠢ ᠢᠢ ᠲᠣᠬᠢᠶᠠᠯᠳᠤᠭᠤᠯᠤᠨ ᠠᠦᠢᠰᠲ᠋ᠷᠠᠯᠢ᠎ ᠢᠢᠨ ᠵᠠᠰᠠᠭ ᠤᠨ ᠭᠠᠵᠠᠷ᠂ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠨ ᠳᠤ ᠪᠣᠯᠤᠨ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠠᠷᠠᠳ ᠲᠦᠮᠡᠨ ᠳᠥ ᠴᠢᠨᠭ᠌ ᠰᠡᠳᠬᠢᠯ ᠦᠨ ᠮᠡᠨᠳᠦᠴᠢᠯᠡᠭᠡ ᠳᠡᠪᠰᠢᠭᠦᠯᠦᠶ᠎ᠡ᠃

ᠠᠦᠢᠰᠲ᠋ᠷᠠᠯᠢ᠎ ᠤᠯᠤᠰ ᠮᠣᠩ᠋ᠭᠣᠯ ᠤᠯᠤᠰ ᠲᠠᠢ ᠬᠥᠭ᠍ᠵᠢᠭᠦᠯᠵᠦ ᠪᠤᠢ ᠨᠠᠢᠢᠷᠰᠠᠭ ᠬᠠᠷᠢᠯᠴᠠᠭ᠎ᠠ ᠪᠠᠨ ᠥᠨᠳᠥᠷ ᠢᠶᠡᠷ ᠦᠨᠡᠯᠡᠳᠡᠭ ᠪᠥᠭᠡᠳ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠪᠠᠨ ᠬᠤᠳᠠᠯᠳᠤᠭ᠎ᠠ᠂ ᠠᠭᠤᠯᠠ ᠠᠭᠤᠷᠬᠠᠢ᠂ ᠪᠣᠯᠪᠠᠰᠤᠷᠠᠯ ᠤᠨ ᠰᠠᠯᠪᠤᠷᠢ ᠲᠤ ᠲᠤᠭᠤᠰᠢᠲᠠᠢ ᠥᠷᠭᠡᠵᠢᠨ ᠬᠥᠭ᠍ᠵᠢᠵᠦ ᠢᠷᠡᠭᠰᠡᠨ᠃ ᠮᠣᠩ᠋ᠭᠣᠯ ᠤᠯᠤᠰ ᠤᠨ ᠪᠠᠬᠠᠷᠬᠠᠯ ᠲᠠᠢ 《ᠭᠤᠷᠪᠠᠳᠠᠭᠴᠢ ᠬᠥᠷᠰᠢ》 ᠍ ᠦᠨ ᠬᠤᠪᠢ ᠳᠤ ᠪᠢᠳᠡ ᠢᠷᠭᠡᠳ ᠬᠣᠭᠣᠷᠣᠨᠳᠣ ᠢᠢᠨ ᠪᠠᠲᠤ ᠪᠡᠬᠢ ᠬᠡᠯᠬᠢᠶ᠎ᠡ ᠬᠣᠯᠪᠣᠭ᠎ᠠ᠂ ᠤᠯᠤᠰ ᠲᠥᠷᠥ ᠢᠢᠨ ᠬᠠᠷᠢᠯᠴᠠᠭ᠎ᠠ ᠤᠯᠠᠮ ᠪᠦᠷ ᠭᠦᠨᠵᠡᠭᠡᠢᠢᠷᠡᠨ ᠬᠥᠭ᠍ᠵᠢᠵᠦ ᠪᠠᠢᠢᠭᠠ ᠳ᠋ᠤ ᠲᠠᠯᠠᠷᠬᠠᠯ ᠲᠠᠢ ᠪᠠᠢᠢᠳᠠᠭ ᠪᠣᠯᠤᠨ᠎ᠠ᠃ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ 2022 ᠣᠨ ᠳᠤ ᠲᠣᠬᠢᠶᠠᠵᠤ ᠪᠤᠢ ᠪᠥᠭᠡᠳ ᠮᠠᠨ ᠤ ᠬᠣᠶᠠᠷ ᠤᠯᠤᠰ ᠤᠨ ᠬᠠᠷᠢᠯᠴᠠᠭ᠎ᠠ ᠵᠢᠯ ᠡᠴᠡ ᠵᠢᠯ ᠳᠥ ᠤᠯᠠᠮ ᠪᠡᠬᠢᠵᠢᠵᠦ ᠢᠷᠡᠭᠰᠡᠨ ᠪᠢᠯᠡ᠃

ᠬᠣᠶᠠᠷ ᠤᠯᠤᠰ ᠤᠨ ᠨᠠᠢᠢᠷᠰᠠᠭ ᠬᠠᠷᠢᠯᠴᠠᠭ᠎ᠠ ᠢᠷᠡᠵᠦ ᠪᠤᠢ ᠣᠨ ᠵᠢᠯ ᠦᠳ ᠲᠥ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ》 ᠭᠡᠵᠡᠢ᠃