Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠦᠭᠦᠳᠡ ᠨᠠᠢᠢᠷᠠᠮᠳᠠᠬᠤ ᠺᠠᠠᠽᠠᠭᠰᠲ᠋ᠠᠨ ᠤᠯᠤᠰ ᠤᠨ ᠶᠡᠷᠦᠩᠬᠡᠢᠢᠯᠡᠭᠴᠢ ᠮᠡᠨᠳᠦᠴᠢᠯᠡᠭᠡ ᠳᠡᠪᠰᠢᠭᠦᠯᠦᠯ᠎ᠡ

ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠪᠦᠭᠦᠳᠡ ᠨᠠᠢᠢᠷᠠᠮᠳᠠᠬᠤ ᠺᠠᠠᠽᠠᠭᠰᠲ᠋ᠠᠨ ᠤᠯᠤᠰ ᠤᠨ ᠶᠡᠷᠦᠩᠬᠡᠢᠢᠯᠡᠭᠴᠢ ᠺᠠᠰᠢᠮ ᠵᠤᠮᠠᠷᠲ ᠲᠣᠺᠠᠧᠸ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳ᠋ᠥ᠄

《ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠨᠡᠢᠢᠲᠡ ᠺᠠᠠᠽᠠᠭᠰᠲ᠋ᠠᠨ  ᠤ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠳᠡᠪᠰᠢᠭᠦᠯᠦᠭᠰᠡᠨ ᠮᠡᠨᠳᠦᠴᠢᠯᠡᠭᠡ ᠢᠢ ᠮᠠᠨᠢ ᠬᠦᠯᠢᠶᠡᠨ ᠠᠪᠤᠨ᠎ᠠ ᠤᠤ᠃

ᠮᠣᠩ᠋ᠭᠣᠯ ᠤᠯᠤᠰ ᠪᠣᠯ ᠺᠠᠠᠽᠠᠭᠰᠲ᠋ᠠᠨ  ᠤ ᠠᠽᠢ ᠲᠢᠢᠪ ᠳ᠋ᠡᠬᠢ ᠨᠠᠢᠢᠳᠠᠪᠤᠷᠢᠲᠠᠢ ᠲᠦᠩᠱᠢ ᠶᠤᠮ᠃ ᠡᠭᠦᠨ ᠲᠡᠢ ᠬᠣᠯᠪᠣᠭᠳᠠᠭᠤᠯᠤᠨ ᠤᠯᠠᠮᠵᠢᠯᠠᠯᠲᠤ ᠨᠠᠢᠢᠷᠠᠮᠳᠠᠯ᠂ ᠳᠡᠭᠡᠳᠦ ᠲᠦᠪᠰᠢᠨ ᠦ ᠤᠯᠤᠰ ᠲᠥᠷᠥ ᠢᠢᠨ ᠶᠠᠷᠢᠶ᠎ᠠ ᠬᠡᠯᠡᠯᠴᠡᠭᠡᠨ ᠳᠥ ᠰᠠᠭᠤᠷᠢᠯᠠᠭᠰᠠᠨ ᠪᠢᠳᠡᠨ ᠦ ᠬᠠᠷᠢᠯᠴᠠᠭ᠎ᠠ ᠢᠢ ᠬᠥᠭ᠍ᠵᠢᠭᠦᠯᠬᠦ ᠳᠥ ᠲᠠᠨ ᠤ ᠪᠡᠶ᠎ᠡ ᠬᠤᠪᠢ ᠨᠡᠮᠡᠷᠢ ᠪᠡᠨ ᠣᠷᠣᠭᠤᠯᠵᠤ ᠪᠠᠢᠢᠭᠠ ᠳ᠋ᠤ ᠲᠠᠯᠠᠷᠬᠠᠵᠤ ᠪᠠᠢᠢᠨ᠎ᠠ᠃

ᠪᠢᠳᠡᠨ ᠦ ᠬᠠᠮᠲᠤ ᠢᠢᠨ ᠬᠦᠴᠦᠨ ᠴᠢᠷᠮᠠᠢᠢᠯᠲᠠ ᠢᠢᠨ ᠦᠷ᠎ᠡ ᠳ᠋ᠦᠩ ᠳᠥ ᠪᠦᠬᠦ ᠲᠠᠯ᠎ᠠ ᠢᠢᠨ ᠬᠠᠮᠲᠤ ᠢᠢᠨ ᠠᠵᠢᠯᠯᠠᠭ᠎ᠠ ᠮᠠᠨᠢ ᠠᠷᠠᠳ ᠲᠦᠮᠡᠨ ᠦ ᠪᠡᠨ ᠭᠡᠷᠡᠯᠲᠦ ᠢᠷᠡᠭᠡᠳᠦᠢ ᠢᠢᠨ ᠲᠥᠯᠥᠭᠡ ᠤᠯᠠᠮ ᠥᠷᠭᠡᠵᠢᠨ ᠲᠡᠯᠡᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃

ᠡᠨᠡ ᠵᠠᠪᠰᠢᠶᠠᠨ ᠢ ᠠᠰᠢᠭᠯᠠᠨ ᠡᠷᠬᠢᠮᠰᠦᠭ ᠨᠣᠶᠠᠨ ᠲᠠᠨ ᠤ ᠬᠠᠷᠢᠭᠤᠴᠠᠯᠭᠠᠲᠠᠢ ᠠᠵᠢᠯ ᠳᠤ ᠥᠨᠳᠥᠷ ᠡᠴᠡ ᠥᠨᠳᠥᠷ ᠠᠮᠵᠢᠯᠲᠠ᠂ ᠭᠡᠷ ᠪᠦᠯᠢ ᠳᠥ ᠲᠠᠨᠢ ᠠᠵᠠ ᠵᠢᠷᠭᠠᠯ᠂ ᠰᠠᠢᠢᠨ ᠰᠠᠢᠢᠬᠠᠨ ᠢ᠂ ᠬᠠᠷᠢᠨ ᠨᠥᠬᠥᠷᠰᠡᠭ ᠮᠣᠩ᠋ᠭᠣᠯ ᠤᠨ ᠠᠷᠠᠳ ᠲᠦᠮᠡᠨ ᠳᠥ ᠬᠥᠭ᠍ᠵᠢᠯ ᠴᠡᠴᠡᠭᠯᠡᠯᠲᠡ ᠢᠢ ᠬᠦᠰᠡᠨ ᠶᠢᠷᠦᠭᠡᠶ᠎ᠡ》 ᠭᠡᠵᠡᠢ᠃