ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠨᠾᠤᠧᠡᠨ ᠰᠤᠸᠠᠨ ᠹᠦᠺ ᠮᠡᠨᠳᠦᠴᠢᠯᠡᠭᠡ ᠳᠡᠪᠰᠢᠭᠦᠯᠦᠯ᠎ᠡ᠃
ᠮᠡᠨᠳᠦᠴᠢᠯᠡᠭᠡᠨ ᠳ᠋ᠥ᠄
《ᠮᠣᠩ᠋ᠭᠣᠯ ᠤᠯᠤᠰ ᠤᠨ ᠠᠷᠠᠳ ᠤᠨ ᠬᠤᠪᠢᠰᠬᠠᠯ ᠤᠨ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠸᠢᠧᠲ᠋ᠨᠠᠮ ᠤᠨ ᠲᠥᠷᠥ᠂ ᠵᠠᠰᠠᠭ᠂ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠪᠣᠯᠤᠨ ᠲᠠᠨ ᠢᠶᠠᠷ ᠤᠯᠠᠮᠵᠢᠯᠠᠨ ᠮᠣᠩ᠋ᠭᠣᠯ ᠤᠯᠤᠰ ᠤᠨ ᠲᠥᠷᠥ᠂ ᠵᠠᠰᠠᠭ ᠪᠣᠯᠤᠨ ᠨᠡᠢᠢᠲᠡ ᠮᠣᠩ᠋ᠭᠣᠯ ᠤᠨ ᠠᠷᠠᠳ ᠲᠦᠮᠡᠨ ᠳᠥ ᠬᠠᠯᠠᠭᠤᠨ ᠪᠠᠶᠠᠷ ᠬᠦᠷᠭᠡᠵᠦ ᠮᠡᠨᠳᠦᠴᠢᠯᠡᠶ᠎ᠡ᠃
ᠥᠩ᠋ᠭᠡᠷᠡᠭᠰᠡᠨ ᠬᠤᠭᠤᠴᠠᠭᠠᠨ ᠳᠤ ᠣᠯᠤᠭᠰᠠᠨ ᠶᠡᠬᠡ ᠣᠯᠤᠯᠲᠠ ᠠᠮᠵᠢᠯᠲᠠ ᠢᠢᠨ ᠦᠨᠳᠦᠰᠦᠨ ᠳᠡᠭᠡᠷ᠎ᠡ ᠮᠣᠩ᠋ᠭᠣᠯ ᠤᠯᠤᠰ ᠤᠨ ᠲᠥᠷᠦ᠂ ᠵᠠᠰᠠᠭ᠂ ᠠᠷᠠᠳ ᠲᠦᠮᠡᠨ ᠡᠬᠡ ᠣᠷᠣᠨ ᠢᠶᠠᠨ ᠬᠥᠭ᠍ᠵᠢᠭᠦᠯᠦᠨ ᠪᠦᠲᠦᠭᠡᠨ ᠪᠠᠢᠢᠭᠤᠯᠬᠤ ᠶᠡᠬᠡ ᠦᠢᠯᠡᠰ ᠲᠥ ᠶᠡᠬᠡᠬᠡᠨ ᠠᠮᠵᠢᠯᠲᠠ ᠢᠢ ᠭᠠᠷᠭᠠᠵᠤ᠂ ᠠᠷᠠᠳ ᠲᠦᠮᠡᠨ ᠦ ᠠᠮᠢᠵᠢᠷᠭᠠᠨ ᠤ ᠲᠦᠪᠰᠢᠨ ᠡᠳᠦᠷ ᠡᠴᠡ ᠡᠳᠦᠷ ᠲᠥ ᠲᠠᠰᠤᠷᠠᠯᠲᠠ ᠦᠭᠡᠢ ᠰᠠᠢᠢᠵᠢᠷᠠᠨᠠ ᠭᠡᠳᠡᠭ ᠲᠥ ᠢᠲᠡᠭᠡᠯ ᠲᠡᠭᠦᠰ ᠪᠠᠢᠢᠨ᠎ᠠ᠃
ᠰᠡᠭᠦᠯ ᠦᠨ ᠵᠢᠯ ᠦᠳ ᠲᠥ ᠳᠡᠯᠡᠬᠡᠢ ᠪᠣᠯᠤᠨ ᠪᠦᠰᠡ ᠨᠤᠲᠤᠭ ᠣᠯᠠᠨ ᠬᠦᠨᠳᠦᠷᠡᠯ᠂ ᠰᠣᠷᠢᠯᠲᠠ ᠲᠠᠢ ᠲᠤᠯᠭᠠᠷᠴᠤ᠂ ᠢᠯᠠᠩ᠋ᠭᠤᠶ᠎ᠠ ᠺᠣᠸᠢᠳ᠋-19 ᠴᠠᠷ ᠲᠠᠬᠤᠯ ᠤᠨ ᠰᠥᠷᠭᠦ ᠨᠥᠯᠥᠭᠡᠯᠡᠯ ᠦᠨ ᠨᠥᠬᠥᠴᠡᠯ ᠪᠠᠢᠢᠳᠠᠯ ᠳᠤ ᠸᠢᠧᠲ᠋ᠨᠠᠮ᠂ ᠮᠣᠩ᠋ᠭᠣᠯ ᠬᠣᠶᠠᠷ ᠤᠯᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠲᠠᠰᠤᠷᠠᠯᠲᠠ ᠦᠭᠡᠢ ᠬᠥᠭ᠍ᠵᠢᠨ ᠪᠡᠬᠢᠵᠢᠵᠦ᠂ ᠣᠯᠠᠨ ᠰᠢᠨ᠎ᠡ ᠠᠮᠵᠢᠯᠲᠠᠠ ᠳᠤ ᠬᠦᠷᠦᠭᠰᠡᠨ ᠪᠢᠯᠡ᠃ ᠬᠣᠶᠠᠷ ᠣᠷᠣᠨ ᠤ ᠬᠢᠴᠢᠶᠡᠯ ᠵᠢᠳᠬᠦᠯ ᠢᠶᠡᠷ ᠴᠢᠨᠠᠭᠰᠢᠳᠠ ᠸᠢᠧᠲ᠋ᠨᠠᠮ᠂ ᠮᠣᠩ᠋ᠭᠣᠯ ᠤᠨ ᠤᠯᠠᠮᠵᠢᠯᠠᠯᠲᠤ ᠨᠠᠢᠢᠷᠰᠠᠭ᠂ ᠰᠠᠢᠢᠨ ᠰᠠᠢᠢᠬᠠᠨ ᠬᠠᠷᠢᠯᠴᠠᠭ᠎ᠠ ᠬᠣᠶᠠᠷ ᠣᠷᠣᠨ ᠤ ᠠᠷᠠᠳ ᠲᠦᠮᠡᠨ ᠦ ᠨᠡᠢᠢᠲᠡᠯᠢᠭ ᠡᠷᠬᠡ ᠠᠰᠢᠭ ᠤᠨ ᠲᠥᠯᠥᠭᠡ ᠤᠯᠠᠮ ᠶᠡᠬᠡ ᠥᠷᠭᠡᠵᠢᠨ ᠬᠥᠭ᠍ᠵᠢᠵᠦ᠂ ᠳᠠᠶᠠᠩ ᠳᠡᠯᠡᠬᠡᠢ ᠪᠣᠯᠤᠨ ᠪᠥᠰᠡ ᠨᠤᠲᠤᠭ ᠤᠨ ᠡᠩᠬᠡ ᠲᠠᠢᠢᠪᠤᠩ᠂ ᠬᠠᠮᠲᠤ ᠢᠢᠨ ᠠᠵᠢᠯᠯᠠᠭ᠎ᠠ ᠪᠠᠨ᠂ ᠬᠥᠭ᠍ᠵᠢᠯ ᠦᠨ ᠲᠥᠯᠦᠭᠡᠬᠢ ᠶᠡᠬᠡ ᠦᠢᠯᠡᠰ ᠲᠥ ᠦᠨᠡᠲᠡᠢ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠥ ᠮᠢᠨᠦ ᠪᠡᠶ᠎ᠡ ᠢᠲᠡᠭᠡᠯ ᠳᠦᠭᠦᠷᠡᠩ ᠪᠠᠢᠢᠨ᠎ᠠ᠃
ᠮᠣᠩ᠋ᠭᠣᠯ ᠤᠯᠤᠰ ᠲᠤ ᠬᠥᠭ᠍ᠵᠢᠯ ᠴᠡᠴᠡᠭᠯᠡᠯᠲᠡ᠂ ᠮᠣᠩ᠋ᠭᠣᠯ ᠤᠨ ᠠᠷᠠᠳ ᠲᠦᠮᠡᠨ ᠳᠥ ᠠᠵᠠ ᠵᠢᠷᠭᠠᠯ᠂ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠥᠨᠳᠥᠷ ᠡᠭᠦᠷᠭᠡ ᠬᠠᠷᠢᠭᠤᠴᠠᠯᠭ᠎ᠠ ᠲᠠᠢ ᠠᠯᠪᠠᠨ ᠲᠤᠰᠢᠶᠠᠯ ᠳᠤ ᠪᠠᠨ ᠠᠮᠵᠢᠯᠲᠠ ᠭᠠᠷᠭᠠᠬᠤ ᠢᠢᠨ ᠢᠷᠦᠭᠡᠯ ᠢ ᠳᠡᠪᠰᠢᠭᠦᠯᠦᠶ᠎ᠡ》 ᠭᠡᠵᠡᠢ᠃