Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠡᠨᠳᠦᠴᠢᠯᠡᠭᠡ ᠳᠡᠪᠰᠢᠭᠦᠯᠦᠯ᠎ᠡ

ᠲᠤᠯᠭᠤᠷ ᠲᠥᠷᠥ ᠢᠢᠨ 2230᠂ 2231᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 815᠂ 816᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂ 111᠂ ᠠᠷᠠᠳ ᠤᠨ ᠬᠤᠪᠢᠰᠬᠠᠯ ᠤᠨ 100᠂ 101 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠶᠦᠨ ᠰᠤᠭ ᠶᠣᠯ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳ᠋ᠥ᠄

《ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠠᠯᠠᠭᠤᠨ ᠮᠡᠨᠳᠦ ᠢᠢ ᠳᠡᠪᠰᠢᠭᠦᠯᠵᠦ ᠪᠠᠢᠢᠨ᠎ᠠ᠃

ᠥᠩ᠋ᠭᠡᠷᠡᠭᠴᠢ ᠣᠨ ᠵᠢᠯ ᠦᠳ ᠲᠥ ᠪᠦᠬᠦᠢ ᠯᠠ ᠰᠠᠯᠪᠤᠷᠢ ᠲᠤ ᠬᠥᠭ᠍ᠵᠢᠭᠦᠯᠵᠦ ᠢᠷᠡᠭᠰᠡᠨ ᠬᠣᠶᠠᠷ ᠣᠷᠣᠨ ᠤ ᠨᠠᠢᠢᠷᠰᠠᠭ ᠬᠠᠮᠲᠤ ᠢᠢᠨ ᠠᠵᠢᠯᠯᠠᠭ᠎ᠠ ᠴᠢᠨᠠᠬᠰᠢᠳᠠ ᠤᠯᠠᠮ ᠳᠡᠪᠵᠢᠨ ᠬᠥᠭ᠍ᠵᠢᠵᠦ᠂ ᠬᠣᠶᠠᠷ ᠣᠷᠣᠨ ᠤ ᠠᠷᠠᠳ ᠲᠦᠮᠡᠨ ᠬᠣᠭᠣᠷᠣᠨᠳᠣ ᠢᠢᠨ ᠨᠥᠬᠥᠷᠯᠡᠯ ᠴᠤ ᠤᠯᠠᠮ ᠪᠠᠲᠤᠵᠢᠨ᠎ᠠ ᠬᠡᠮᠡᠨ ᠨᠠᠢᠢᠳᠠᠵᠤ ᠪᠠᠢᠢᠨ᠎ᠠ᠃

ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠠᠮᠵᠢᠯᠲᠠ ᠪᠦᠲᠦᠭᠡᠯ ᠦᠨ ᠳᠡᠭᠡᠳᠦ ᠢᠢ᠂ ᠮᠣᠩ᠋ᠭᠣᠯ ᠤᠯᠤᠰ ᠲᠤ ᠡᠭᠦᠷᠢᠳᠡ ᠮᠠᠨᠳᠤᠨ ᠪᠠᠳᠠᠷᠠᠯ ᠢ ᠬᠦᠰᠡᠨ ᠢᠷᠦᠭᠡᠶ᠎ᠡ》 ᠭᠡᠵᠡᠢ᠃