Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ ᠪᠠᠲᠤᠲᠤᠯᠭ᠎ᠠ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠤᠨ ᠤᠳᠤᠷᠢᠳᠤᠭᠴᠢ ᠺᠢᠮ ᠵᠥᠨ ᠤᠢᠨ ᠳᠤ ᠪᠠᠶᠠᠷ ᠬᠦᠷᠭᠡᠭᠰᠡᠨ ᠵᠠᠬᠢᠳᠠᠯ ᠢᠯᠡᠭᠡᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠥᠨᠥᠳᠥᠷ ᠡᠮᠦᠨᠡᠲᠦ᠂ ᠤᠮᠠᠷᠠᠳᠤ ᠰᠣᠯᠣᠩᠭ᠋ᠣᠰ ᠤᠨ ᠲᠡᠷᠢᠭᠦᠨ ᠨᠠᠷ ᠤᠨ ᠳᠡᠭᠡᠳᠦ ᠲᠦᠪᠰᠢᠨ ᠦ ᠠᠭᠤᠯᠵᠠᠯᠲᠠ ᠠᠮᠵᠢᠯᠲᠠᠲᠠᠢ ᠪᠣᠯᠵᠤ ᠥᠩᠭᠡᠷᠡᠭᠰᠡᠨ ᠳᠥ ᠪᠠᠶᠠᠷ ᠬᠦᠷᠭᠡᠬᠦ ᠪᠡᠷ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠬᠥᠳᠡᠯᠮᠦᠷᠢ ᠢᠢᠨ ᠨᠠᠮ ᠤᠨ ᠳᠠᠷᠤᠭ᠎ᠠ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠲᠥᠷᠥ ᠢᠢᠨ ᠵᠥᠪᠯᠡᠯ ᠦᠨ ᠳᠠᠷᠤᠭ᠎ᠠ ᠡᠷᠬᠢᠮᠰᠦᠭ ᠨᠣᠶᠠᠨ ᠺᠢᠮ ᠵᠥᠨ ᠤᠢᠨ ᠳᠤ ᠵᠠᠬᠢᠳᠠᠯ ᠢᠯᠡᠭᠡᠯ᠎ᠡ᠃

 

ᠵᠠᠬᠢᠳᠠᠯ ᠳᠤ᠄

 

ᠤᠮᠠᠷᠠᠲᠤ᠂ ᠡᠮᠦᠨᠡᠲᠦ ᠰᠣᠯᠣᠩᠭ᠋ᠣᠰ ᠤᠨ ᠲᠡᠷᠢᠭᠦᠨ ᠨᠠᠷ ᠤᠨ ᠳᠡᠭᠡᠳᠦ ᠲᠦᠪᠰᠢᠨ ᠦ ᠠᠭᠤᠯᠵᠠᠯᠲᠠ 2018 ᠣᠨ ᠤ ᠳᠥᠷᠪᠡᠳᠦᠭᠡᠷ ᠰᠠᠷ᠎ᠠ ᠢᠢᠨ 27 ᠍ ᠤ ᠡᠳᠦᠷ ᠫᠠᠩᠮᠦ᠋ᠩᠵᠥ᠋ᠮ ᠳᠤ ᠠᠮᠵᠢᠯᠲᠠᠲᠠᠢ ᠪᠣᠯᠤᠭᠰᠠᠨ ᠳᠤ ᠡᠷᠬᠢᠮᠰᠦᠭ ᠨᠣᠶᠠᠨ ᠳᠠᠷᠤᠭ᠎ᠠ ᠲᠠᠨ ᠳᠤ ᠴᠢᠩ ᠰᠡᠳᠬᠢᠯ ᠦᠨ ᠪᠠᠶᠠᠷ ᠬᠦᠷᠭᠡᠶ᠎ᠡ᠃ ᠡᠨᠡ ᠠᠭᠤᠯᠵᠠᠯᠲᠠ ᠨᠢ ᠤᠮᠠᠷᠠᠳᠤ᠂ ᠡᠮᠦᠨᠡᠲᠦ ᠰᠣᠯᠣᠩᠭ᠋ᠣᠰ᠂ ᠲᠡᠭᠦᠨ ᠦ ᠳᠣᠲᠣᠷ᠎ᠠ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠵᠣᠷᠢᠮᠠᠭ᠂ ᠰᠢᠢᠳᠮᠡᠭᠡᠢ ᠠᠯᠬᠤᠮ ᠤᠨ ᠦᠷ᠎ᠡ ᠳ᠋ᠦᠩ ᠶᠤᠮ᠃

 

ᠡᠨᠡᠬᠦ ᠲᠡᠦᠬᠡᠨ ᠠᠭᠤᠯᠵᠠᠯᠲᠠ ᠪᠠᠷ ᠰᠣᠯᠣᠩᠭ᠋ᠣᠰ ᠬᠣᠭᠣᠷᠣᠨᠳᠣ ᠢᠢᠨ ᠬᠠᠷᠢᠯᠴᠠᠭ᠎ᠠ ᠢᠢ ᠰᠠᠢᠢᠵᠢᠷᠠᠭᠤᠯᠤᠨ ᠬᠥᠭ᠍ᠵᠢᠭᠦᠯᠬᠦ᠂ ᠰᠣᠯᠣᠩᠭ᠋ᠣᠰ ᠤᠨ ᠬᠣᠢᠢᠭ ᠢ ᠴᠥᠮ᠎ᠡ ᠢᠢᠨ ᠵᠡᠪᠰᠡᠭ ᠡᠴᠡ ᠪᠥᠷᠢᠨ ᠠᠩᠭᠢᠵᠢᠷᠠᠭᠤᠯᠬᠤ᠂ ᠲᠤᠰ ᠬᠣᠢᠢᠭ ᠲᠤ ᠡᠩᠬᠡ ᠢᠢ ᠲᠣᠭᠲᠠᠭᠠᠬᠤ ᠴᠢᠭᠯᠡᠯ ᠳᠥ ᠬᠣᠶᠠᠷ ᠲᠠᠯ᠎ᠠ ᠡᠷᠴᠢᠮᠲᠡᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠭᠰᠠᠨ ᠨᠢ ᠰᠣᠯᠣᠩᠭ᠋ᠣᠰ ᠤᠨ ᠬᠣᠢᠢᠭ ᠲᠡᠳᠦᠢ ᠦᠭᠡᠢ᠂ ᠵᠡᠭᠦᠨ ᠬᠣᠢᠢᠳᠤ ᠠᠽᠢᠶ᠎ᠠ ᠢᠢᠨ ᠪᠦᠰᠡ ᠨᠤᠲᠤᠭ᠂ ᠴᠢᠨᠠᠭᠰᠢᠯᠠᠭᠠᠳ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠳᠤ ᠴᠢᠬᠤᠯᠠ ᠠᠴᠢ ᠬᠣᠯᠪᠣᠭᠳᠠᠯ ᠲᠠᠢ ᠠᠯᠬᠤᠮ ᠪᠣᠯᠤᠯ᠎ᠠ᠃

 

ᠮᠣᠩᠭ᠋ᠣᠯ ᠤᠯᠤᠰ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠤᠨ ᠦᠶ᠎ᠡ ᠦᠶ᠎ᠡ ᠢᠢᠨ ᠤᠳᠤᠷᠢᠳᠤᠭᠴᠢᠳ ᠤᠨ ᠪᠠᠲᠤ ᠪᠡᠬᠢ ᠦᠨᠳᠦᠰᠦ ᠰᠠᠭᠤᠷᠢ ᠢᠢ ᠨᠢ ᠲᠠᠯᠪᠢᠭᠰᠠᠨ 70 ᠵᠢᠯ ᠦᠨ ᠲᠡᠦᠬᠡ ᠲᠡᠢ ᠮᠠᠨ ᠤ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ ᠴᠢᠨᠠᠭᠰᠢᠳᠠ ᠤᠯᠠᠮ ᠪᠡᠬᠢᠵᠢᠨ᠎ᠡ ᠭᠡᠳᠡᠭ ᠲᠥ ᠢᠲᠡᠭᠡᠵᠦ ᠪᠠᠢᠢᠨ᠎ᠠ᠃ ᠮᠣᠩᠭ᠋ᠣᠯ ᠤᠯᠤᠰ ᠵᠡᠭᠦᠨ ᠬᠣᠢᠢᠳᠤ ᠠᠽᠢᠶ᠎ᠠ ᠳᠤ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩᠭ᠋ᠠᠬᠤ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠮᠥᠨ ᠰᠣᠯᠣᠩᠭ᠋ᠣᠰ ᠤᠨ ᠬᠣᠢᠢᠭ ᠤᠨ ᠠᠰᠠᠭᠤᠳᠠᠯ ᠢ ᠡᠪ ᠵᠦᠢ ᠪᠡᠷ᠂ ᠶᠠᠷᠢᠶ᠎ᠠ ᠬᠡᠯᠡᠯᠴᠡᠭᠡᠨ ᠦ ᠠᠷᠭ᠎ᠠ ᠪᠠᠷ ᠰᠢᠢᠳᠪᠦᠷᠢᠯᠡᠬᠦ ᠢᠢᠨ ᠲᠥᠯᠦᠭᠡ ᠤᠮᠠᠷᠠᠲᠤ᠂ ᠡᠮᠦᠨᠡᠲᠦ ᠰᠣᠯᠣᠩᠭ᠋ᠣᠰ ᠲᠠᠢ ᠴᠢᠨᠠᠭᠰᠢᠳᠠ ᠴᠤ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠣᠯᠤᠨ᠎ᠠ᠃

 

ᠡᠷᠬᠢᠮᠰᠦᠭ ᠨᠣᠶᠠᠨ ᠳᠠᠷᠤᠭ᠎ᠠ ᠲᠠᠨ ᠳᠤ ᠠᠷᠠᠳ ᠲᠦᠮᠡᠨ ᠦ ᠪᠡᠨ ᠰᠠᠢᠢᠨ ᠰᠠᠢᠢᠬᠠᠨ ᠠᠮᠢᠳᠤᠷᠠᠯ ᠢ ᠴᠣᠭᠴᠠᠯᠠᠭᠠᠬᠤ᠂ ᠤᠯᠤᠰ ᠣᠷᠣᠨ ᠤ ᠪᠠᠨ ᠡᠳ᠋ ᠍ ᠦᠨ ᠵᠠᠰᠠᠭ ᠢ ᠬᠥᠭ᠍ᠵᠢᠭᠦᠯᠬᠦ᠂ ᠮᠥᠨ ᠰᠣᠯᠣᠩᠭ᠋ᠣᠰ ᠤᠨ ᠬᠣᠢᠢᠭ ᠲᠤ ᠲᠡᠦᠬᠡᠨ ᠰᠢᠨ᠎ᠡ ᠬᠠᠭᠤᠳᠠᠰᠤ ᠢᠢ ᠨᠡᠬᠡᠭᠡᠬᠦ ᠡᠷᠬᠢᠮ ᠪᠥᠭᠡᠳ ᠬᠠᠷᠢᠭᠤᠴᠠᠯᠭ᠎ᠠ ᠲᠠᠢ ᠦᠢᠯᠡᠰ ᠲᠥ ᠲᠠᠨᠢ ᠠᠮᠵᠢᠯᠲᠠ ᠢᠷᠦᠭᠡᠶ᠎ᠡ᠃

 

ᠡᠷᠬᠢᠮᠰᠦᠭ ᠨᠣᠶᠠᠨ ᠳᠠᠷᠤᠭ᠎ᠠ ᠲᠠᠨ ᠳᠤ ᠡᠷᠡᠭᠦᠯ ᠡᠩᠬᠡ᠂ ᠰᠠᠢᠢᠨ ᠰᠠᠢᠢᠬᠠᠨ ᠢ ᠬᠦᠰᠡᠶ᠎ᠡ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ》 ᠭᠡᠵᠡᠢ᠃