ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ ᠭᠤᠲ᠋ᠧᠷᠷᠧᠱ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ᠃
ᠡᠨᠡ ᠨᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠲᠦᠪᠰᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠬᠢᠵᠦ ᠪᠤᠢ ᠠᠩᠬᠠᠨ ᠤ ᠠᠢᠢᠯᠴᠢᠯᠠᠯ ᠶᠤᠮ᠃
ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢ ᠮᠣᠩ᠋ᠭᠣᠯ ᠤᠨ ᠲᠠᠯ᠎ᠠ ᠠᠴᠠ ᠵᠠᠰᠠᠭ ᠤᠨ ᠭᠠᠵᠠᠷ ᠤᠨ ᠭᠡᠰᠢᠭᠦᠨ᠂ ᠭᠠᠳᠠᠭᠠᠳᠤ ᠬᠠᠷᠢᠯᠴᠠᠭᠠᠨ ᠤ ᠰᠠᠢᠢᠳ ᠪᠠ ∙ ᠪᠠᠲᠤᠴᠡᠴᠡᠭ ᠤᠭᠲᠤᠪᠠ᠃
ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ ᠭᠤᠲ᠋ᠧᠷᠷᠧᠱ 2022 ᠣᠨ ᠤ 08 ᠳ᠋ᠤᠭᠠᠷ ᠰᠠᠷ᠎ᠠ ᠢᠢᠨ 09 ᠍ ᠦ ᠡᠳᠦᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠪᠠᠷᠠᠭᠠᠯᠬᠠᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠣᠳᠣ ᠲᠠᠷᠢᠬᠤ ᠦᠢᠯᠡ ᠠᠵᠢᠯᠯᠠᠭᠠᠨ ᠳᠤ ᠣᠷᠣᠯᠴᠠᠨ᠎ᠠ᠃
ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ ᠭᠤᠲ᠋ᠧᠷᠷᠧᠱ 08 ᠳ᠋ᠤᠭᠠᠷ ᠰᠠᠷ᠎ᠠ ᠢᠢᠨ 04 ᠍ ᠦ ᠡᠳᠦᠷ ᠵᠡᠭᠦᠨ ᠬᠣᠢᠢᠳ ᠠᠽᠢ ᠢᠢᠨ ᠪᠥᠰᠡ ᠨᠤᠲᠤᠭ ᠲᠤ ᠬᠢᠵᠦ ᠪᠤᠢ ᠠᠢᠢᠯᠴᠢᠯᠠᠯᠠ ᠡᠬᠢᠯᠡᠭᠦᠯᠦᠭᠰᠡᠨ ᠪᠥᠭᠡᠳ ᠶᠠᠫᠣᠨ ᠤᠯᠤᠰ ᠲᠤ ᠠᠢᠢᠯᠴᠢᠯᠠᠵᠤ᠂ ᠾᠢᠷᠣᠱᠢᠮᠠ ᠤᠨ ᠡᠩᠬᠡ ᠲᠠᠢᠢᠪᠤᠩ ᠤᠨ ᠳᠤᠷᠠᠰᠬᠠᠯ ᠤᠨ ᠡᠳᠦᠷ ᠦᠨ ᠠᠷᠭ᠎ᠠ ᠬᠡᠮᠵᠢᠶᠡᠨ ᠳᠥ ᠣᠷᠣᠯᠴᠠᠨ᠂ ᠮᠣᠩ᠋ᠭᠣᠯ ᠤᠯᠤᠰ ᠪᠣᠯᠤᠨ ᠪᠤᠢ᠂ᠨᠠ᠂ᠰᠤ᠂ᠤᠯᠤᠰ ᠍ ᠲᠤ ᠠᠯᠪᠠᠨ ᠶᠣᠰᠣᠨ ᠤ ᠠᠢᠢᠯᠴᠢᠯᠠᠯ ᠬᠢᠨ᠎ᠡ᠃
ᠡᠨᠡᠬᠦ ᠠᠢᠢᠯᠴᠢᠯᠠᠯ ᠨᠢ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠤ ᠭᠡᠰᠢᠭᠦᠨ ᠢᠶᠡᠷ ᠡᠯᠰᠡᠭᠰᠡᠨ ᠦ 60᠂ 61 ᠵᠢᠯ ᠦᠨ ᠣᠢ᠂ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠦᠭᠡᠢ ᠪᠥᠰᠡ ᠨᠤᠲᠤᠭ ᠬᠡᠮᠡᠨ ᠵᠠᠷᠯᠠᠭᠰᠠᠨ ᠤ 30 ᠵᠢᠯ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠲᠠᠢ ᠳᠠᠪᠬᠤᠴᠠᠵᠤ ᠪᠠᠢᠢᠭ᠎ᠠ ᠶᠤᠮ᠃