Та "Internet explorer"-ийн сүүлийн хувилбар болох "Microsoft edge"-г ашиглана уу

Хэрэв "Microsoft edge"-г татах бол энд дарж татаж авна уу

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠢᠢᠨ ᠠᠯᠪᠠᠨ ᠶᠣᠰᠣᠨ ᠤ ᠠᠢᠢᠯᠴᠢᠯᠠᠯ ᠡᠬᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ 2022 ᠣᠨ ᠤ 08 ᠳ᠋ᠤᠭᠠᠷ ᠰᠠᠷ᠎ᠠ ᠢᠢᠨ 08-11 ᠍ ᠦ ᠡᠳᠦᠷ ᠦᠳ ᠲᠥ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠ᠊ ∙ ᠭᠤᠲ᠋ᠧᠷᠷᠧᠱᠢ ᠢᠢ ᠳᠠ‍ ∙ ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠯ᠎ᠠ᠃

ᠲᠥᠷᠥ ᠢᠢᠨ ᠬᠦᠨᠳᠦᠳᠥ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮᠳᠥ ᠲᠥᠷᠥ ᠢᠢᠨ ᠳᠠᠭᠤᠯᠠᠯ ᠡᠭᠡᠰᠢᠭᠯᠡᠪᠡ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠲᠥᠷᠥ ᠢᠢᠨ ᠬᠦᠨᠳᠦᠳᠥ ᠬᠠᠷᠠᠭᠤᠯ ᠤᠨ ᠲᠤᠭᠤᠨ ᠳᠤ ᠮᠡᠬᠦᠢᠢᠨ ᠶᠤᠰᠤᠯᠠᠵᠤ᠂ ᠴᠡᠷᠢᠭ ᠦᠳ ᠲᠡᠢ ᠮᠡᠨᠳᠦᠴᠢᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠨᠠᠷ ᠶᠡᠬᠡ ᠡᠵᠡᠨ ᠴᠢᠩ᠋ᠭᠢᠰ ᠬᠠᠭᠠᠨ ᠤ ᠬᠥᠰᠢᠭᠡᠨ ᠳᠥ ᠬᠦᠨᠳᠦᠳᠬᠡᠯ ᠢᠯᠡᠷᠬᠡᠢᠢᠯᠡᠪᠡ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠲᠥᠷᠥ ᠢᠢᠨ ᠣᠷᠳᠣᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠪᠠ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠳᠤ 1961 ᠣᠨ ᠤ 10 ᠳ᠋ᠤᠭᠠᠷ ᠰᠠᠷ᠎ᠠ ᠢᠢᠨ 27 ᠍ ᠤ ᠡᠳᠦᠷ 101 ᠳ᠋ᠡᠬᠢ ᠭᠡᠰᠢᠭᠦᠨ ᠢᠶᠡᠷ ᠡᠯᠰᠡᠭᠰᠡᠨ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠪᠦᠷᠢᠨ ᠡᠷᠬᠡᠲᠦ ᠭᠡᠰᠢᠭᠦᠨ ᠪᠣᠯᠤᠭᠰᠠᠨ ᠨᠢ ᠮᠣᠩ᠋ᠭᠣᠯ ᠤᠯᠤᠰ ᠢ ᠲᠤᠰᠠᠭᠠᠷ ᠲᠣᠭᠲᠠᠨᠢᠭᠰᠠᠨ᠂ ᠡᠩᠬᠡ ᠢᠢ ᠡᠷᠬᠢᠮᠯᠡᠭᠴᠢ ᠤᠯᠤᠰ ᠪᠣᠯᠬᠤ ᠢᠢ ᠨᠡᠢᠢᠲᠡ ᠪᠡᠷ ᠬᠦᠯᠢᠶᠡᠨ ᠵᠥᠪᠰᠢᠶᠡᠷᠡᠭᠰᠡᠨ ᠦ ᠢᠯᠡᠷᠬᠡᠢᠢᠯᠡᠯ ᠪᠣᠯᠤᠭᠰᠠᠨ ᠤ ᠵᠡᠷᠭᠡᠴᠡᠭᠡ ᠭᠠᠳᠠᠭᠠᠳᠤ ᠪᠣᠳᠣᠯᠭ᠎ᠠ ᠢᠢᠨ ᠬᠥᠭ᠍ᠵᠢᠯ ᠦᠨ ᠰᠢᠨ᠎ᠡ ᠦᠶ᠎ᠡ ᠱᠠᠲᠤᠨ ᠤ ᠡᠬᠢᠯᠡᠯ ᠪᠣᠯᠵᠤ᠂ ᠳᠡᠯᠡᠬᠡᠢ ᠢᠢᠨ ᠲᠠᠪᠴᠠᠩ ᠳᠤ ᠪᠡᠶ᠎ᠡ ᠳᠠᠭᠠᠭᠰᠠᠨ ᠲᠣᠭᠯᠠᠭᠴᠢ ᠪᠣᠯᠬᠤ ᠪᠠᠨ ᠬᠠᠷᠠᠭᠤᠯᠬᠤ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠣᠯᠤᠮᠵᠢ ᠢᠢ ᠪᠤᠢ ᠪᠣᠯᠭᠠᠭᠰᠠᠨ ᠶᠤᠮ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠲᠡᠭᠦᠨ ᠦ ᠰᠢᠰᠲ᠋ᠧᠮ ᠦᠨ ᠪᠠᠢᠢᠭᠤᠯᠤᠯᠭ᠎ᠠ ᠢᠢᠨ ᠦᠢᠯᠡ ᠠᠵᠢᠯᠯᠠᠭᠠᠨ ᠳᠤ ᠢᠳᠡᠪᠬᠢᠲᠡᠢ ᠣᠷᠣᠯᠴᠠᠵᠤ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠲᠠᠯᠪᠢᠭᠳᠠᠵᠤ ᠪᠤᠢ ᠵᠣᠷᠢᠯᠭ᠎ᠠ᠂ ᠵᠣᠷᠢᠯᠲᠠ ᠨᠤᠭᠤᠳ ᠢ ᠬᠡᠷᠡᠭᠵᠢᠭᠦᠯᠬᠦ ᠳᠥ ᠬᠤᠪᠢ ᠨᠡᠮᠡᠷᠢ ᠪᠡᠨ ᠤᠷᠤᠭᠤᠯᠬᠤ᠂ ᠥᠪᠡᠷ ᠦᠨ ᠤᠯᠤᠰ ᠤᠨ ᠠᠶᠤᠯ ᠦᠭᠡᠢ ᠪᠠᠢᠢᠳᠠᠯ ᠢ ᠬᠠᠩ᠋ᠭᠠᠬᠤ᠂ ᠣᠯᠠᠨ ᠤᠯᠤᠰ ᠤᠨ ᠲᠠᠪᠴᠠᠩ ᠳᠤ ᠪᠠᠢᠢᠷᠢ ᠰᠠᠭᠤᠷᠢ ᠪᠠᠨ ᠪᠡᠬᠢᠵᠢᠭᠦᠯᠬᠦ᠂ ᠤᠯᠤᠰ ᠣᠷᠣᠨ ᠤ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠢ ᠤᠷᠤᠭᠰᠢᠯᠠᠭᠤᠯᠬᠤ᠂ ᠠᠷᠠᠳᠴᠢᠯᠠᠯ᠂ ᠬᠦᠮᠦᠨ ᠦ ᠡᠷᠬᠡ ᠢᠢ ᠬᠠᠩ᠋ᠭᠠᠬᠤ ᠵᠡᠷᠭᠡ ᠣᠯᠠᠨ ᠵᠣᠷᠢᠯᠲᠠ ᠢᠢ ᠴᠢᠬᠤᠯᠠᠴᠢᠯᠠᠵᠤ ᠪᠠᠢᠢᠨ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠤ ᠭᠡᠰᠢᠭᠦᠨ ᠢᠶᠡᠷ ᠡᠯᠰᠡᠭᠰᠡᠨ ᠡᠴᠡ ᠬᠣᠢᠢᠰᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ ᠡᠭᠡᠯᠵᠢᠲᠦ ᠪᠣᠯᠤᠨ ᠲᠤᠰᠬᠠᠢ ᠴᠢᠭᠤᠯᠭᠠᠨ᠂ ᠳᠡᠭᠡᠳᠦ᠂ ᠥᠨᠳᠥᠷ ᠲᠦᠪᠰᠢᠨ ᠦ ᠠᠭᠤᠯᠵᠠᠯᠲᠠ᠂ ᠬᠤᠷᠠᠯ᠂ ᠠᠷᠭ᠎ᠠ ᠬᠡᠮᠵᠢᠶᠡᠨ ᠳᠥ ᠲᠥᠷᠥ᠂ ᠵᠠᠰᠠᠭ ᠤᠨ ᠲᠡᠷᠢᠭᠦᠨ ᠦ ᠲᠦᠪᠰᠢᠨ ᠳᠥ ᠲᠣᠭᠲᠠᠮᠠᠯ ᠣᠷᠣᠯᠴᠠᠵᠤ᠂ ᠬᠤᠪᠢ ᠨᠡᠮᠡᠷᠢ ᠪᠡᠨ ᠣᠷᠣᠭᠤᠯᠵᠤ ᠢᠷᠡᠭᠰᠡᠨ᠃

ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠠᠷᠠᠳᠴᠢᠯᠠᠯ᠂ ᠬᠦᠮᠦᠨ ᠦ ᠡᠷᠬᠡ᠂ ᠡᠳ᠋ ᠍ ᠦᠨ ᠵᠠᠰᠠᠭ᠂ ᠨᠡᠢᠢᠭᠡᠮ᠂ ᠬᠦᠮᠦᠨᠯᠢᠭ ᠵᠡᠷᠭᠡ 20 ᠣᠷᠴᠢᠮ ᠠᠰᠠᠭᠤᠳᠠᠯ ᠢᠶᠠᠷ ᠨᠡᠢᠢᠲᠡ 90 ᠭᠠᠷᠤᠢ ᠲᠣᠭᠲᠠᠭᠠᠯ ᠰᠠᠨᠠᠭᠠᠴᠢᠯᠠᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠪᠠᠷ ᠬᠡᠯᠡᠯᠴᠡᠭᠦᠯᠵᠦ ᠪᠠᠲᠤᠯᠠᠭᠤᠯᠤᠭᠰᠠᠨ᠃

ᠮᠥᠨ᠄

  • 《ᠮᠣᠩ᠋ᠭᠣᠯ ᠤᠯᠤᠰ ᠤᠨ ᠣᠯᠠᠨ ᠤᠯᠤᠰ ᠤᠨ ᠠᠶᠤᠯ ᠦᠭᠡᠢ ᠪᠠᠢᠢᠳᠠᠯ᠂ ᠴᠥᠮ᠎ᠡ ᠢᠢᠨ ᠵᠡᠪᠰᠡᠭ ᠦᠭᠡᠢ ᠰᠲ᠋ᠠᠲ᠋ᠦ᠋ᠰ》᠂
  • 《ᠬᠥᠳᠡᠭᠡ ᠢᠢᠨ ᠥᠬᠢᠳ᠂ ᠡᠮᠡᠭᠲᠡᠢᠢᠴᠦᠳ ᠦᠨ ᠠᠵᠤ ᠪᠠᠢᠢᠳᠠᠯ ᠢ ᠰᠠᠢᠢᠵᠢᠷᠠᠭᠤᠯᠬᠤ ᠲᠤᠬᠠᠢ》᠂
  • 《ᠨᠡᠢᠢᠭᠡᠮ ᠤᠨ ᠬᠥᠭ᠍ᠵᠢᠯ ᠳ᠋ᠦ ᠬᠣᠷᠰᠢᠶᠠᠯᠠᠯ ᠤᠨ ᠭᠦᠢᠴᠡᠳᠭᠡᠬᠦ ᠡᠭᠦᠷᠭᠡ ᠢᠢᠨ ᠲᠤᠬᠠᠢ》᠂
  • 《ᠪᠢᠴᠢᠭ᠌ ᠦᠰᠦᠭ ᠦᠨ ᠪᠣᠯᠪᠠᠰᠤᠷᠠᠯ ᠤᠨ ᠲᠤᠬᠠᠢ》᠂

《ᠠᠷᠠᠳᠴᠢᠯᠠᠯ ᠤᠨ ᠪᠣᠯᠪᠠᠰᠤᠷᠠᠯ ᠤᠨ ᠲᠤᠬᠠᠢ》 ᠲᠣᠭᠲᠠᠭᠠᠯ ᠰᠠᠨᠠᠭᠠᠴᠢᠯᠠᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠪᠠᠷ ᠬᠣᠶᠠᠷ ᠵᠢᠯ ᠲᠤᠲᠤᠮ ᠬᠡᠯᠡᠯᠴᠡᠭᠦᠯᠦᠨ ᠪᠠᠲᠤᠯᠠᠭᠤᠯᠵᠤ ᠪᠠᠢᠢᠨ᠎ᠠ᠃

ᠮᠣᠩ᠋ᠭᠣᠯ ᠤᠯᠤᠰ 2026 ᠣᠨ ᠢ 《ᠪᠡᠯᠴᠢᠭᠡᠷ ᠦᠨ ᠪᠠ ᠨᠡᠭᠦᠳᠡᠯ ᠦᠨ ᠮᠠᠯ ᠠᠵᠤ ᠠᠬᠤᠢ ᠡᠷᠬᠢᠯᠡᠭᠴᠢᠳ ᠦᠨ ᠣᠯᠠᠨ ᠤᠯᠤᠰ ᠤᠨ ᠵᠢᠯ》 ᠍ ᠪᠡᠷ ᠵᠠᠷᠯᠠᠭᠤᠯᠬᠤ ᠰᠠᠨᠠᠭᠠᠴᠢᠯᠠᠭ᠎ᠠ ᠳᠡᠪᠰᠢᠭᠦᠯᠵᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 76 ᠳ᠋ᠤᠭᠠᠷ ᠴᠢᠭᠤᠯᠭᠠᠨ ᠤ 2022 ᠣᠨ ᠤ 3 ᠳ᠋ᠤᠭᠠᠷ ᠰᠠᠷ᠎ᠠ ᠢᠢᠨ 15 ᠍ ᠤ ᠡᠳᠦᠷ ᠦᠨ ᠪᠦᠭᠦᠳᠡ ᠬᠤᠷᠠᠯᠳᠤᠭᠠᠨ ᠢᠶᠠᠷ 《ᠪᠡᠯᠴᠢᠭᠡᠷ ᠦᠨ ᠪᠠ ᠨᠡᠭᠦᠳᠡᠯ ᠦᠨ ᠮᠠᠯ ᠠᠵᠤ ᠠᠬᠤᠢ ᠡᠷᠬᠢᠯᠡᠭᠴᠢᠳ ᠦᠨ ᠣᠯᠠᠨ ᠤᠯᠤᠰ ᠤᠨ ᠵᠢᠯ ᠢ ᠵᠠᠷᠯᠠᠬᠤ ᠲᠤᠬᠠᠢ》 ᠲᠣᠭᠲᠠᠭᠠᠯ ᠤᠨ ᠲᠥᠰᠥᠯ ᠢ ᠬᠡᠯᠡᠯᠴᠡᠭᠦᠯᠦᠨ ᠪᠠᠲᠤᠯᠠᠭᠤᠯᠤᠯ᠎ᠠ᠃

ᠮᠣᠩ᠋ᠭᠣᠯ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠮᠲᠤ ᠢᠢᠨ ᠠᠵᠢᠯᠯᠠᠭ᠎ᠠ ᠮᠣᠩ᠋ᠭᠣᠯ ᠤᠯᠤᠰ ᠤᠨ ᠠᠶᠤᠯ ᠦᠭᠡᠢ ᠪᠠᠢᠢᠳᠠᠯ ᠢ ᠪᠡᠬᠢᠵᠢᠭᠦᠯᠬᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠤᠷᠤᠯᠴᠠᠬᠤ ᠣᠷᠣᠯᠴᠠᠭ᠎ᠠ ᠢᠢ ᠨᠡᠮᠡᠭᠳᠡᠭᠦᠯᠬᠦ᠂ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠢ ᠬᠠᠩ᠋ᠭᠠᠬᠤ᠂ ᠳᠠᠯᠠᠢ ᠳᠤ ᠭᠠᠷᠤᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠪᠠᠢᠢᠳᠠᠯ ᠢ ᠰᠠᠢᠢᠵᠢᠷᠠᠭᠤᠯᠬᠤ ᠵᠡᠷᠭᠡ ᠴᠢᠭᠯᠡᠯ ᠢᠶᠡᠷ ᠬᠥᠭ᠍ᠵᠢᠵᠦ ᠪᠠᠢᠢᠨ᠎ᠠ᠃

ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠳᠡᠮᠵᠢᠬᠦ ᠠᠵᠢᠯᠯᠠᠭᠠᠨ ᠳᠤ ᠤᠷᠤᠯᠴᠠᠬᠤ ᠵᠠᠮ ᠢᠶᠠᠷ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ ᠳᠤ ᠪᠣᠳᠠᠲᠤ ᠬᠤᠪᠢ ᠨᠡᠮᠡᠷᠢ ᠣᠷᠣᠭᠤᠯᠵᠤ ᠢᠷᠡᠭᠰᠡᠨ᠃

ᠠᠩᠬ᠎ᠠ 2002 ᠣᠨ ᠳᠤ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠺᠣᠩ᠋ᠭᠣ‍ ᠤᠯᠤᠰ ᠳᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠬᠣᠶᠠᠷ ᠴᠡᠷᠢᠭ ᠦᠨ ᠠᠵᠢᠭᠯᠠᠭᠴᠢ ᠢᠯᠡᠭᠡᠨ᠂ 2006 ᠣᠨ ᠠᠴᠠ ᠴᠡᠷᠢᠭ ᠦᠨ ᠪᠠᠭ  ᠢᠢᠠᠨ ᠣᠷᠤᠯᠴᠠᠭᠤᠯᠵᠤ ᠡᠬᠢᠯᠡᠭᠰᠡᠨ᠃

ᠥᠨᠥᠳᠥᠷ ᠦᠨ ᠪᠠᠢᠢᠳᠠᠯ ᠢᠶᠠᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ 11 ᠠᠵᠢᠯᠯᠠᠭᠠᠨ ᠳᠤ ᠳᠠᠪᠬᠤᠷᠳᠠᠭᠰᠠᠨ ᠲᠣᠭ᠎ᠠ ᠪᠠᠷ 18᠂000 ᠣᠷᠴᠢᠮ ᠴᠡᠷᠢᠭ ᠦᠨ ᠠᠯᠪᠠ ᠬᠠᠭᠠᠭᠴᠢ ᠡᠭᠦᠷᠭᠡ ᠭᠦᠢᠴᠡᠳᠭᠡᠭᠡᠳ ᠪᠠᠢᠢᠨ᠎ᠠ᠃

ᠮᠣᠩ᠋ᠭᠣᠯ ᠤᠯᠤᠰ ᠳᠠᠯᠠᠢ ᠳᠤ ᠭᠠᠷᠤᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠪᠠᠢᠢᠭᠤᠯᠤᠭᠰᠠᠨ ᠲᠤᠷᠰᠢᠯᠭ᠎ᠠ ᠳᠤ ᠪᠠᠨ ᠲᠤᠯᠭᠠᠭᠤᠷᠢᠯᠠᠵᠤ᠂ 《ᠲᠠᠪᠤᠨ ᠲᠣᠯᠣᠭᠠᠢ》 ᠳᠠᠬᠢ ᠵᠡᠪᠰᠡᠭᠲᠦ ᠬᠦᠴᠦᠨ ᠦ ᠰᠤᠷᠭᠠᠯᠲᠠ ᠢᠢᠨ ᠨᠢᠭᠡᠳᠦᠭᠰᠡᠨ ᠲᠥᠪ ᠢ ᠲᠦᠰᠢᠭᠯᠡᠨ ᠡᠩᠬᠡ ᠢᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠬᠦᠷᠢᠶᠡᠯᠡᠩ ᠢ ᠥᠪᠡᠷ ᠦᠨ ᠤᠯᠤᠰ ᠲᠤ ᠪᠠᠢᠢᠭᠤᠯᠬᠤ ᠲᠠᠯ᠎ᠠ ᠪᠠᠷ ᠰᠤᠳᠤᠯᠵᠤ ᠪᠠᠢᠢᠨ᠎ᠠ᠃