Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠ᠊ ∙ ᠭᠤᠲ᠋ᠧᠷᠷᠧᠱ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ ᠢ ᠬᠦᠯᠢᠶᠡᠨ ᠠᠪᠴᠤ ᠠᠭᠤᠯᠵᠠᠯ᠎ᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠳ᠋ᠦ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠦᠨᠡᠲᠡᠢ ᠬᠤᠪᠢ ᠨᠡᠮᠡᠷᠢ ᠣᠷᠣᠭᠤᠯᠵᠤ ᠢᠷᠡᠭᠰᠡᠨ ᠳᠥ ᠲᠠᠯᠠᠷᠬᠠᠯ ᠢᠯᠡᠷᠬᠡᠢᠢᠯᠡᠪᠡ᠃

ᠮᠣᠩ᠋ᠭᠣᠯ ᠤᠯᠤᠰ ᠠᠷᠠᠳᠴᠢᠯᠠᠯ᠂ ᠰᠠᠢᠢᠨ ᠵᠠᠰᠠᠭᠯᠠᠯ ᠢ ᠪᠡᠬᠢᠵᠢᠭᠦᠯᠬᠦ᠂ ᠬᠠᠤᠯᠢ᠂ ᠡᠷᠬᠡ ᠵᠦᠢ ᠢᠢᠨ ᠣᠷᠴᠢᠨ ᠢ ᠰᠠᠢᠢᠵᠢᠷᠠᠭᠤᠯᠬᠤ᠂ ᠬᠦᠮᠦᠨ ᠦ ᠡᠷᠬᠡ ᠢᠢ ᠬᠠᠩ᠋ᠭᠠᠬᠤ᠂ ᠶᠠᠳᠠᠭᠤᠷᠠᠯ ᠢ ᠪᠠᠭᠤᠷᠠᠭᠤᠯᠬᠤ᠂ ᠡᠬᠡ᠂ ᠬᠡᠦᠬᠡᠳ ᠦᠨ ᠡᠷᠡᠭᠦᠯ ᠮᠡᠨᠳᠦ ᠢᠢ ᠰᠠᠬᠢᠨ ᠬᠠᠮᠠᠭᠠᠯᠠᠬᠤ᠂ ᠬᠦᠷᠢᠶᠡᠯᠡᠩ ᠪᠤᠢ ᠣᠷᠴᠢᠨ ᠢ ᠬᠠᠮᠠᠭᠠᠯᠠᠬᠤ᠂ ᠲᠣᠭᠲᠠᠪᠤᠷᠢᠲᠠᠢ ᠬᠥᠭ᠍ᠵᠢᠯ ᠢ ᠳᠡᠮᠵᠢᠬᠦ ᠴᠢᠭᠯᠡᠯ ᠢᠶᠡᠷ ᠲᠤᠰ ᠪᠠᠢᠢᠭᠤᠯᠤᠯᠭ᠎ᠠ ᠲᠠᠢ ᠦᠷ᠎ᠡ ᠳ᠋ᠦᠩ ᠲᠡᠢ ᠬᠠᠮᠲᠤᠷᠠᠨ ᠠᠵᠢᠯᠯᠠᠵᠤ ᠪᠠᠢᠢᠭ᠎ᠠ ᠢᠢ ᠣᠨᠴᠠᠯᠠᠪᠠ᠃

ᠮᠥᠨ ᠡᠨᠡ ᠣᠨ ᠳᠤ ᠮᠣᠩ᠋ᠭᠣᠯ ᠤᠯᠤᠰ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠦᠭᠡᠢ ᠪᠥᠰᠡ ᠨᠤᠲᠤᠭ ᠬᠡᠮᠡᠨ ᠵᠠᠷᠯᠠᠭᠰᠠᠨ ᠤ 30 ᠵᠢᠯ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠲᠣᠬᠢᠶᠠᠵᠤ ᠪᠠᠢᠢᠭ᠎ᠠ ᠢᠢ ᠲᠡᠮᠳᠡᠭᠯᠡᠵᠦ᠂ ᠥᠩ᠋ᠭᠡᠷᠡᠭᠰᠡᠨ ᠵᠢᠷᠭᠤᠭᠠᠳᠤᠭᠠᠷ ᠰᠠᠷ᠎ᠠ ᠳᠤ ᠵᠡᠭᠦᠨ ᠬᠣᠢᠢᠳᠤ ᠠᠽᠢ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯᠠᠷᠠᠬᠢ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠳᠣᠯᠣᠭᠠᠳᠤᠭᠠᠷ ᠪᠠᠭ᠎ᠠ ᠬᠤᠷᠠᠯ᠂ 《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠡᠮᠡᠭᠲᠡᠢ ᠴᠡᠷᠢᠭ ᠦᠨ ᠠᠯᠪᠠ ᠬᠠᠭᠠᠭᠴᠢ ᠢᠢᠨ ᠣᠷᠣᠯᠴᠠᠭ᠎ᠠ》 ᠰᠡᠳᠦᠪᠲᠦ ᠣᠯᠠᠨ ᠤᠯᠤᠰ ᠤᠨ ᠬᠤᠷᠠᠯ ᠢ ᠠᠮᠵᠢᠯᠲᠠᠲᠠᠢ ᠵᠣᠬᠢᠶᠠᠨ ᠪᠠᠢᠢᠭᠤᠯᠤᠭᠰᠠᠨ ᠢ ᠳᠤᠷᠠᠳᠪᠠ᠃

ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ ᠳᠡᠯᠡᠬᠡᠢ ᠳᠠᠬᠢᠨ ᠳᠤ ᠡᠩᠬᠡ ᠲᠠᠢᠢᠪᠤᠩ᠂ ᠠᠮᠤᠷ ᠠᠮᠤᠭᠤᠯᠠᠩ ᠪᠠᠢᠢᠳᠠᠯ ᠤᠯᠠᠮ ᠪᠦᠷᠢ ᠬᠣᠮᠰᠠᠳᠠᠵᠤ ᠪᠤᠢ ᠡᠨᠡ ᠦᠶ᠎ᠡ ᠳᠥ ᠡᠩᠬᠡ ᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠮᠣᠩ᠋ᠭᠣᠯ ᠤᠯᠤᠰ ᠲᠤ ᠠᠢᠢᠯᠴᠢᠯᠠᠵᠤ ᠪᠠᠢᠢᠭ᠎ᠠ ᠳᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃

ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠪᠡᠬᠢᠵᠢᠭᠦᠯᠬᠦ ᠢᠢᠨ ᠲᠥᠯᠦᠭᠡᠬᠢ ᠬᠦᠴᠦ ᠴᠢᠷᠮᠠᠢᠢᠯᠲᠠ᠂ ᠲᠡᠭᠦᠨ ᠦ ᠳᠣᠲᠣᠷ᠎ᠠ ᠴᠥᠮ᠎ᠡ ᠢᠢᠨ ᠵᠡᠪᠰᠡᠭ ᠢ ᠬᠤᠷᠢᠶᠠᠬᠤ᠂ ᠦᠯᠦ ᠳᠡᠯᠭᠡᠷᠡᠭᠦᠯᠬᠦ᠂ ᠰᠣᠯᠣᠩ᠋ᠭᠣᠰ ᠤᠨ ᠬᠣᠢᠢᠭ ᠤᠨ ᠲᠣᠭᠲᠠᠪᠤᠷᠢᠲᠠᠢ ᠪᠠᠢᠢᠳᠠᠯ ᠢ ᠬᠠᠩ᠋ᠭᠠᠬᠤ ᠴᠢᠭᠯᠡᠯ ᠢᠶᠡᠷ ᠮᠣᠩ᠋ᠭᠣᠯ ᠤᠯᠤᠰ ᠤᠨ ᠣᠷᠣᠭᠤᠯᠵᠤ ᠪᠤᠢ ᠨᠡᠮᠡᠷᠢ ᠢᠢ ᠥᠨᠳᠥᠷ ᠢᠶᠡᠷ ᠦᠨᠡᠯᠡᠪᠡ᠃

ᠮᠣᠩ᠋ᠭᠣᠯ ᠤᠯᠤᠰ ᠴᠥᠯᠵᠢᠯᠲᠡ ᠲᠡᠢ ᠲᠡᠮᠡᠴᠡᠬᠦ ᠳᠥ ᠬᠤᠪᠢ ᠨᠡᠮᠡᠷᠢ ᠤᠷᠤᠭᠤᠯᠬᠤ ᠵᠣᠷᠢᠯᠭ᠎ᠠ ᠪᠠᠷ 《ᠲᠡᠷᠪᠤᠮ ᠮᠣᠳᠣ》 ᠰᠠᠨᠠᠭᠠᠴᠢᠯᠠᠭ᠎ᠠ ᠭᠠᠷᠭᠠᠨ᠂ ᠦᠨᠳᠦᠰᠦᠨ ᠦ ᠬᠥᠳᠡᠯᠭᠡᠭᠡᠨ ᠥᠷᠨᠢᠭᠦᠯᠵᠦ ᠪᠠᠢᠢᠭ᠎ᠠ ᠢᠢ ᠰᠠᠢᠢᠰᠢᠶᠠᠵᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠵᠦᠭ ᠡᠴᠡ ᠨᠡᠢᠢᠭᠡᠮ᠂ ᠡᠳ᠋ ᠍ ᠦᠨ ᠵᠠᠰᠠᠭ ᠪᠣᠯᠤᠨ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠳᠥ ᠦᠷᠭᠦᠯᠵᠢᠯᠡᠭᠦᠯᠦᠨ ᠳᠡᠮᠵᠢᠯᠭᠡ ᠦᠵᠡᠭᠦᠯᠬᠦ ᠪᠡᠨ ᠮᠡᠳᠡᠭᠳᠡᠪᠡ᠃