Та "Internet explorer"-ийн сүүлийн хувилбар болох "Microsoft edge"-г ашиглана уу

Хэрэв "Microsoft edge"-г татах бол энд дарж татаж авна уу

ᠮᠣᠩ᠋᠋ᠭᠣᠯ ᠤᠯᠤᠰ ᠤᠨ ᠶᠡᠬᠡ ᠰᠤᠷᠭᠠᠭᠤᠯᠢ ᠡᠵᠡᠨ ᠪᠣᠭᠳᠠ ᠴᠢᠩ᠋᠋ᠭᠢᠰ ᠬᠠᠭᠠᠨ ᠤ ᠡᠰᠢ ᠬᠥᠷᠦᠭ ᠢ ᠵᠠᠯᠠᠪᠠ

ᠳᠡᠭᠡᠳᠦ ᠪᠣᠯᠪᠠᠰᠤᠷᠠᠯ ᠤᠨ ᠤᠤᠭᠠᠨ ᠪᠠᠢᠢᠭᠤᠯᠤᠯᠭ᠎ᠠ-ᠮᠣᠩ᠋᠋ᠭᠣᠯ ᠤᠯᠤᠰ ᠤᠨ ᠶᠡᠬᠡ ᠰᠤᠷᠭᠠᠭᠤᠯᠢ 80 ᠳ᠋ᠠᠬᠢ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠢᠢᠨ ᠡᠳᠦᠷ ᠢᠶᠡᠨ ᠡᠵᠡᠨ ᠪᠣᠭᠳᠠ ᠴᠢᠩ᠋᠋ᠭᠢᠰ ᠬᠠᠭᠠᠨ ᠤ ᠡᠰᠢ ᠬᠥᠷᠥᠭ ᠢ ᠬᠦᠨᠳᠦᠳᠬᠡᠨ ᠵᠠᠯᠠᠯ᠎ᠠ᠃

ᠡᠰᠢ ᠬᠥᠷᠥᠭ ᠵᠠᠯᠠᠬᠤ ᠶᠣᠰᠣᠯᠠᠯ ᠳᠤ ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠢᠢᠳ ᠯᠤ‍ ∙ ᠡᠩᠬᠡ-ᠠᠮᠤᠭᠤᠯᠠᠩ᠂ ᠲᠤᠰ ᠰᠤᠷᠭᠠᠭᠤᠯᠢ ᠢᠢᠨ ᠤᠳᠤᠷᠢᠳᠤᠯᠭ᠎ᠠ ᠢᠢᠨ ᠪᠠᠭ᠂ ᠡᠷᠳᠡᠮᠲᠡᠨ ᠪᠠᠭᠰᠢ᠂ ᠠᠵᠢᠯᠲᠠᠨ᠂ ᠣᠶᠤᠲᠠᠨ᠂ ᠲᠡᠭᠦᠰᠦᠭᠴᠢᠳ ᠦᠨ ᠲᠥᠯᠥᠭᠡᠯᠡᠯ ᠪᠣᠯᠤᠨ ᠪᠤᠰᠤᠳ ᠬᠦᠮᠦᠨ ᠣᠷᠣᠯᠴᠠᠯ᠎ᠠ᠃

ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠡᠵᠡᠨ ᠪᠣᠭᠳᠠ ᠴᠢᠩ᠋᠋ᠭᠢᠰ ᠬᠠᠭᠠᠨ ᠤ ᠰᠤᠤ ᠠᠯᠳᠠᠷ᠂ ᠠᠭᠤᠤ ᠶᠡᠬᠡ ᠲᠡᠦᠬᠡᠨ ᠦᠢᠯᠡ ᠬᠡᠷᠡᠭ ᠢ ᠰᠤᠷᠪᠤᠯᠵᠢᠯᠠᠨ ᠰᠤᠳᠤᠯᠬᠤ᠂ ᠲᠦᠭᠡᠭᠡᠨ ᠳᠡᠯᠭᠡᠷᠡᠭᠦᠯᠬᠦ᠂ ᠡᠷᠬᠢᠮᠯᠡᠨ ᠳᠡᠭᠡᠳᠦᠯᠡᠬᠦ᠂ ᠠᠯᠳᠠᠷᠰᠢᠭᠤᠯᠤᠨ ᠮᠥᠩᠬᠡᠵᠢᠭᠦᠯᠬᠦ᠂ ᠲᠥᠷᠥ ᠲᠥ ᠶᠣᠰᠣᠨ ᠤ ᠦᠨᠡᠲᠦ ᠥᠪ ᠢ ᠪᠡᠬᠢᠵᠢᠭᠦᠯᠬᠦ᠂ ᠡᠪ ᠡᠶ᠎ᠡ ᠢᠢ ᠪᠠᠲᠤᠳᠬᠠᠬᠤ ᠡᠭᠦᠳᠡᠨ ᠡᠴᠡ 《ᠡᠵᠡᠨ ᠪᠣᠭᠳᠠ ᠴᠢᠩ᠋᠋ᠭᠢᠰ ᠬᠠᠭᠠᠨ ᠤ ᠡᠰᠢ ᠬᠥᠷᠥᠭ ᠢ ᠬᠦᠨᠳᠦᠳᠬᠡᠨ ᠵᠠᠯᠠᠬᠤ ᠲᠤᠬᠠᠢ》 159 ᠳ᠋ᠦᠭᠡᠷ ᠵᠠᠷᠯᠢᠭ ᠭᠠᠷᠭᠠᠭᠰᠠᠨ᠃

ᠵᠠᠷᠯᠢᠭ ᠲᠤ ᠡᠵᠡᠨ ᠪᠣᠭᠳᠠ ᠴᠢᠩ᠋᠋ᠭᠢᠰ ᠬᠠᠭᠠᠨ ᠤ ᠡᠰᠢ ᠬᠥᠷᠥᠭ ᠢ ᠲᠥᠷᠥ ᠢᠢᠨ ᠪᠦᠬᠦ ᠪᠠᠢᠢᠭᠤᠯᠤᠯᠭ᠎ᠠ᠂ ᠮᠣᠩ᠋᠋ᠭᠣᠯ ᠤᠯᠤᠰ ᠠᠴᠠ ᠬᠢᠯᠢ ᠢᠢᠨ ᠴᠢᠨᠠᠳᠤ ᠳᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ᠂ ᠪᠦᠬᠦ ᠱᠠᠲᠤᠨ ᠤ ᠰᠤᠷᠭᠠᠯᠲᠠ ᠢᠢᠨ ᠪᠠᠢᠢᠭᠤᠯᠤᠯᠭ᠎ᠠ ᠪᠣᠯᠤᠨ ᠢᠷᠭᠡᠨ᠂ ᠠᠢᠢᠯ ᠡᠷᠦᠬᠡ ᠪᠦᠷᠢ ᠳᠡᠭᠡᠳᠦᠯᠡᠨ ᠵᠠᠯᠠᠬᠤ ᠢᠢ ᠲᠤᠰᠬᠠᠭᠰᠠᠨ ᠶᠤᠮ᠃