Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢ ᠰᠠᠢᠢᠳ ᠤᠨ ᠣᠷᠣᠯᠠᠭᠴᠢ᠂ ᠭᠠᠳᠠᠭᠠᠳᠤ ᠬᠡᠷᠡᠭ ᠦᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢ ᠰᠠᠢᠢᠳ ᠤᠨ ᠣᠷᠣᠯᠠᠭᠴᠢ᠂ ᠭᠠᠳᠠᠭᠠᠳᠤ ᠬᠡᠷᠡᠭ ᠦᠨ ᠰᠠᠢᠢᠳ ᠰᠠᠯᠥᠮᠰᠠᠢ ᠭᠤᠮᠮᠠᠰᠢᠲ ᠢ 09 ᠳ᠋ᠦᠭᠡᠷ ᠰᠠᠷ᠎ᠠ ᠢᠢᠨ 04 ᠍ ᠦ ᠡᠳᠦᠷ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠮᠣᠩ᠋ᠭᠣᠯ᠂ ᠯᠠᠣᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠢᠢᠨ ᠬᠦᠷᠢᠶᠡᠨ ᠳᠥ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢ ᠰᠠᠢᠢᠳ ᠤᠨ ᠣᠷᠣᠯᠠᠭᠴᠢ᠂ ᠭᠠᠳᠠᠭᠠᠳᠤ ᠬᠡᠷᠡᠭ ᠦᠨ ᠰᠠᠢᠢᠳ ᠤᠨ ᠬᠢᠵᠦ ᠪᠤᠢ ᠠᠢᠢᠯᠴᠢᠯᠠᠯ ᠬᠣᠶᠠᠷ ᠤᠯᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠢᠷᠡᠬᠦ ᠰᠢᠨ᠎ᠡ ᠵᠢᠷᠠᠨ ᠳᠤ ᠬᠥᠭ᠍ᠵᠢᠭᠦᠯᠬᠦ ᠳᠥ ᠴᠢᠬᠤᠯᠠ ᠲᠦᠯᠬᠢᠴᠡ ᠪᠣᠯᠤᠨ᠎ᠠ ᠭᠡᠳᠡᠭ ᠢ ᠣᠨᠴᠠᠯᠠᠪᠠ᠃

ᠮᠥᠨ ᠮᠣᠩ᠋ᠭᠣᠯ ᠤᠯᠤᠰ ᠤᠨ ᠠᠽᠢ᠂ ᠨᠣᠮᠣᠬᠠᠨ ᠳᠠᠯᠠᠢ ᠢᠢᠨ ᠪᠦᠰᠡ ᠨᠤᠲᠤᠭ ᠲᠤ ᠴᠢᠭᠯᠡᠭᠰᠡᠨ ᠭᠠᠳᠠᠭᠠᠳᠤ ᠪᠣᠳᠣᠯᠭ᠎ᠠ ᠳᠤ ᠵᠡᠭᠦᠨ ᠡᠮᠦᠨᠡᠲᠦ ᠠᠽᠢ ᠢᠢᠨ ᠣᠷᠣᠨ ᠨᠤᠭᠤᠳ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠬᠤᠯᠠ ᠪᠠᠢᠢᠷᠢ ᠰᠠᠭᠤᠷᠢ ᠡᠵᠡᠯᠡᠳᠡᠭ ᠢ ᠳᠤᠷᠠᠳᠤᠭᠠᠳ᠂ ᠴᠠᠷ᠎ ᠲᠠᠬᠤᠯ᠂ ᠣᠯᠠᠨ ᠤᠯᠤᠰ ᠤᠨ ᠨᠥᠬᠥᠴᠡᠯ ᠪᠠᠢᠢᠳᠠᠯ ᠬᠤᠷᠴᠠᠳᠠᠮᠠᠯ ᠡᠨᠡ ᠦᠶ᠎ᠡ ᠢᠢ ᠳᠠᠯᠠᠢ ᠳᠤ ᠭᠠᠷᠤᠴᠠ ᠦᠭᠡᠢ ᠣᠷᠣᠨ ᠨᠤᠭᠤᠳ ᠤᠨ ᠬᠤᠪᠢ ᠳᠤ ᠬᠠᠮᠲᠤ ᠢᠢᠨ ᠬᠦᠴᠥ ᠪᠡᠷ ᠳᠠᠪᠠᠨ ᠲᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃

《ᠲᠡᠷᠪᠤᠮ ᠮᠣᠳᠣ ᠦᠨᠳᠦᠰᠦᠨ ᠦ ᠬᠥᠳᠡᠯᠭᠡᠭᠡᠨ》 ᠵᠡᠷᠭᠡ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ ᠳᠥ ᠴᠢᠭᠯᠡᠭᠰᠡᠨ ᠰᠠᠨᠠᠭᠠᠴᠢᠯᠠᠭ᠎ᠠ ᠢᠢ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠳᠡᠮᠵᠢᠵᠦ᠂ ᠬᠣᠶᠠᠷ ᠲᠠᠯ᠎ᠠ ᠣᠢ ᠮᠣᠳᠣᠵᠢᠭᠤᠯᠬᠤ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠪᠡᠷ ᠪᠣᠯᠤᠭᠰᠠᠨ ᠳᠤ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠮᠥᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢᠢᠯᠡᠭᠴᠢ ᠲᠣᠩ᠋ᠯᠤᠩ ᠰᠢᠰᠦᠯᠢᠳ᠋ ᠢᠢ ᠮᠣᠩ᠋ᠭᠣᠯ ᠤᠯᠤᠰ ᠲᠤ ᠠᠢᠢᠯᠴᠢᠯᠠᠬᠤ ᠢᠢ ᠤᠷᠢᠪᠠ᠃

ᠭᠠᠳᠠᠭᠠᠳᠤ ᠬᠡᠷᠡᠭ ᠦᠨ ᠰᠠᠢᠢᠳ ᠰᠠᠯᠥᠮᠰᠠᠢ ᠭᠤᠮᠮᠠᠰᠢᠲ ᠮᠣᠩ᠋ᠭᠣᠯ᠂ ᠯᠠᠤᠰ  ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠢᠢ ᠲᠣᠬᠢᠶᠠᠯᠳᠤᠭᠤᠯᠤᠨ ᠶᠡᠷᠦᠩᠬᠡᠢᠢᠯᠡᠭᠴᠢ ᠲᠣᠩ᠋ᠣᠯᠤᠩ ᠰᠢᠰᠦᠯᠢᠳ᠋ ᠤᠨ ᠢᠯᠡᠭᠡᠯᠲᠡ ᠢᠢ ᠭᠠᠷᠳᠠᠭᠤᠯᠵᠤ᠂ ᠲᠠᠭᠠᠯᠠᠮᠵᠢᠲᠠᠢ ᠴᠠᠭ ᠲᠤ ᠪᠠᠨ ᠠᠢᠢᠯᠴᠢᠯᠠᠬᠤ ᠢᠢ ᠤᠷᠢᠪᠠ᠃

ᠲᠡᠷᠡ ᠪᠡᠷ ᠮᠣᠩ᠋ᠭᠣᠯ ᠤᠯᠤᠰ Association of South – East Asian Nations ᠍ ᠤ ᠶᠠᠷᠢᠶ᠎ᠠ ᠬᠡᠯᠡᠯᠴᠡᠭᠡᠨ ᠦ ᠲᠦᠩᠰᠢ ᠪᠣᠯᠬᠤ᠂ Asia Pacific Economic Coopration ᠵᠡᠷᠭᠡ ᠪᠥᠰᠡ ᠨᠤᠲᠤᠭ ᠤᠨ ᠦᠢᠯᠡ ᠶᠠᠪᠤᠴᠠ ᠳᠤ ᠨᠢᠭᠡᠳᠦᠨ ᠣᠷᠣᠬᠤ ᠳᠤ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠳᠡᠮᠵᠢᠵᠦ ᠠᠵᠢᠯᠯᠠᠨ᠎ᠠ ᠭᠡᠳᠡᠭ ᠢ ᠨᠣᠲᠠᠯᠠᠪᠠ᠃

ᠠᠭᠤᠯᠵᠠᠯᠲᠠ ᠢᠢᠨ ᠦᠶ᠎ᠡ ᠪᠡᠷ ᠣᠯᠠᠨ ᠤᠯᠤᠰ᠂ ᠪᠥᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠪᠣᠯᠤᠨ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ᠂ ᠬᠥᠳᠡᠭᠡ ᠠᠵᠤ ᠠᠬᠤᠢ᠂ ᠪᠣᠯᠪᠠᠰᠤᠷᠠᠯ᠂ ᠡᠷᠡᠭᠦᠯ ᠮᠡᠨᠳᠦ᠂ ᠠᠶᠠᠯᠠᠯ ᠵᠢᠭᠤᠯᠴᠢᠯᠠᠯ᠂ ᠲᠡᠭᠡᠭᠡᠪᠦᠷᠢ ᠯᠣᠵᠢᠰᠲ᠋ᠢᠭ᠂ ᠪᠠᠢᠢᠭᠠᠯᠢ ᠣᠷᠴᠢᠨ ᠵᠡᠷᠭᠡ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃