Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠍ ᠤᠨ ᠪᠠᠲᠤᠯᠠᠨ ᠬᠠᠮᠠᠭᠠᠯᠠᠬᠤ ᠢᠢᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳ᠋ᠯᠠᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠶᠢᠷᠠᠮᠳᠠᠬᠤ ᠡᠨᠡᠳᠬᠡᠭ᠌ ᠤᠯᠤᠰ ᠍ ᠤᠨ ᠪᠠᠲᠤᠯᠠᠨ ᠬᠠᠮᠠᠭᠠᠯᠠᠬᠤ ᠢᠢᠨ ᠰᠠᠢᠢᠳ ᠷᠠᠵᠨᠠᠳ᠋ ᠰᠢᠩ᠋ᠬᠢ ᠢ ᠬᠦᠯᠢᠶᠡᠨ ᠠᠪᠴᠤ ᠠᠭᠤᠯᠵᠠᠪᠠ᠃

ᠣᠶᠤᠨ ᠰᠠᠨᠠᠭᠠᠨ ᠤ ᠲᠦᠩᠰᠢ᠂ ᠭᠤᠷᠪᠠᠳᠠᠭᠴᠢ ᠬᠥᠷᠰᠢ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠍ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠣᠯᠠᠨ ᠰᠠᠯᠪᠤᠷᠢ ᠲᠤ ᠥᠷᠭᠡᠵᠢᠨ ᠬᠥᠭ᠍ᠵᠢᠵᠦ ᠪᠠᠢᠢᠭ᠎ᠠ ᠢᠢ ᠶᠡᠷᠦᠩᠬᠡᠢᠢᠯᠡᠭᠴᠢ ᠲᠡᠮᠳᠡᠭᠯᠡᠵᠦ᠂ ᠡᠭᠦᠨ ᠳᠥ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠍ ᠤᠨ ᠶᠡᠷᠦᠩᠬᠡᠢ ᠰᠠᠢᠢᠳ ᠨᠠᠷᠧᠨᠳ᠋ᠷᠠ ᠮᠣᠳᠢ ᠦᠨ 2015 ᠣᠨ ᠳᠤ ᠮᠣᠩ᠋ᠭᠣᠯ ᠤᠯᠤᠰ ᠲᠤ ᠬᠢᠭ᠍ᠰᠡᠨ ᠠᠯᠪᠠᠨ ᠶᠣᠰᠣᠨ ᠤ ᠠᠢᠢᠯᠴᠢᠯᠠᠯ ᠪᠣᠯᠤᠨ ᠪᠠᠲᠤᠯᠠᠨ ᠬᠠᠮᠠᠭᠠᠯᠠᠬᠤ ᠢᠢᠨ ᠰᠠᠢᠢᠳ ᠤᠨ ᠡᠨᠡ ᠤᠳᠠᠭ᠎ᠠ ᠢᠢᠨ ᠠᠢᠢᠯᠴᠢᠯᠠᠯ ᠴᠢᠬᠤᠯᠠ ᠲᠦᠯᠬᠢᠴᠡ ᠪᠣᠯᠵᠤ ᠪᠠᠢᠢᠭ᠎ᠠ ᠢᠢ ᠣᠨᠴᠠᠯᠠᠪᠠ᠃

ᠮᠥᠨ ᠬᠣᠶᠠᠷ ᠣᠷᠣᠨ ᠤ ᠬᠣᠭᠣᠷᠣᠨᠳᠣ ᠲᠣᠭᠲᠠᠭᠠᠭᠰᠠᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠢᠵᠢ ᠪᠥᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠳᠤ ᠬᠦᠷᠭᠡᠬᠦ ᠪᠥᠷᠢᠨ ᠪᠣᠯᠤᠮᠵᠢ ᠪᠠᠢᠢᠭ᠎ᠠ ᠢᠢ ᠬᠡᠯᠡᠪᠡ᠃

ᠠᠷᠠᠳᠴᠢᠯᠠᠯ᠂ ᠡᠷᠬᠡ ᠴᠢᠯᠦᠭᠡ ᠢᠢ ᠳᠡᠭᠡᠳᠦᠯᠡᠳᠡᠭ ᠵᠡᠷᠭᠡ ᠢᠵᠢᠯ ᠲᠥᠰᠲᠡᠢ ᠵᠦᠢᠯ ᠣᠯᠠᠨ ᠮᠣᠩ᠋ᠭᠣᠯ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠴᠢᠭᠯᠡᠯ ᠢᠶᠡᠷ ᠢᠳᠡᠪᠬᠢᠲᠡᠢ ᠠᠵᠢᠯᠯᠠᠬᠤ ᠪᠠᠨ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠍ ᠤᠨ ᠪᠠᠲᠤᠯᠠᠨ ᠬᠠᠮᠠᠭᠠᠯᠠᠬᠤ ᠢᠢᠨ ᠰᠠᠢᠢᠳ ᠷᠠᠵᠨᠠᠳ᠋ ᠰᠢᠩ᠋ᠬᠢ ᠢᠯᠡᠷᠬᠡᠢᠢᠯᠡᠪᠡ᠃

ᠠᠭᠤᠯᠵᠠᠯᠲᠠ ᠢᠢᠨ ᠦᠶ᠎ᠡ ᠪᠡᠷ ᠣᠯᠠᠨ ᠤᠯᠤᠰ᠂ ᠪᠥᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠪᠣᠯᠤᠨ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠢᠢᠨ ᠪᠦᠲᠦᠭᠡᠨ ᠪᠠᠢᠢᠭᠤᠯᠤᠯᠲᠠ᠂ ᠪᠠᠲᠤᠯᠠᠨ ᠬᠠᠮᠠᠭᠠᠯᠠᠬᠤ᠂ ᠮᠡᠳᠡᠭᠡᠯᠡᠯ ᠦᠨ ᠲᠧᠭᠨᠣᠯᠣᠭᠢ᠂ ᠺᠢᠪᠧᠷ ᠠᠶᠤᠯ ᠦᠭᠡᠢ ᠪᠠᠢᠢᠳᠠᠯ᠂ ᠪᠣᠯᠪᠠᠰᠤᠷᠠᠯ᠂ ᠠᠭᠠᠷ ᠤᠨ ᠲᠡᠭᠡᠭᠡᠪᠦᠷᠢ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃