Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠮᠭᠡᠨᠢᠯ ᠢᠯᠡᠷᠬᠡᠢᠢᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠠᠲᠤᠨ ᠬᠠᠭᠠᠨ II ᠡᠯᠢᠽᠠᠪᠧᠲ ᠲᠠᠭᠠᠯᠠᠯ ᠲᠡᠭᠦᠰᠦᠭᠰᠡᠨ ᠲᠡᠢ ᠬᠣᠯᠪᠣᠭᠳᠠᠭᠤᠯᠤᠨ ᠶᠡᠬᠡ ᠪᠷᠢᠲ᠋ᠠᠨᠢ᠂ ᠤᠮᠠᠷᠠᠳᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠤᠨ ᠶᠠᠮᠤᠨ ᠳᠤ ᠣᠴᠢᠨ ᠡᠮᠭᠡᠨᠢᠯ ᠢᠯᠡᠷᠬᠡᠢᠢᠯᠡᠪᠡ᠃

ᠡᠮᠭᠡᠨᠢᠯ ᠳᠥ᠂

《ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠲᠤᠨ ᠬᠠᠭᠠᠨ II ᠡᠯᠢᠽᠠᠪᠧᠲ ᠲᠠᠭᠠᠯᠠᠯ ᠲᠡᠭᠦᠰᠦᠭᠰᠡᠨ ᠳᠥ ᠬᠠᠭᠠᠨ ᠤ ᠭᠡᠷ ᠪᠦᠯᠢ᠂ ᠪᠷᠢᠲ᠋ᠠᠠᠢ ᠢᠢᠨ ᠠᠷᠠᠳ ᠲᠦᠮᠡᠨ ᠳᠥ ᠮᠣᠩ᠋ᠭᠣᠯ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠭᠦᠨ ᠡᠮᠭᠡᠨᠢᠯ ᠢᠯᠡᠷᠬᠡᠢᠢᠯᠡᠶ᠎ᠡ᠃

ᠲᠡᠷᠡ ᠪᠡᠷ 70 ᠵᠢᠯ ᠦᠨ ᠲᠤᠷᠰᠢ ᠲᠡᠦᠬᠡᠨ ᠴᠠᠭ ᠦᠶ᠎ᠡ ᠢᠢᠨ ᠲᠣᠮᠣᠬᠠᠨ ᠥᠭᠡᠷᠡᠴᠢᠯᠡᠯᠲᠡ ᠰᠢᠨᠡᠴᠢᠯᠡᠯᠲᠡ᠂ ᠬᠥᠭ᠍ᠵᠢᠯ ᠳᠡᠪᠰᠢᠯ᠂ ᠬᠦᠨᠳᠦᠷᠡᠯ ᠪᠡᠷᠬᠡᠰᠢᠶᠡᠯ ᠦᠨ ᠦᠶ᠎ᠡ ᠳᠥ ᠪᠷᠢᠲ᠋ᠠᠨᠢ ᠪᠣᠯᠤᠨ ᠬᠠᠮᠲᠤ ᠢᠢᠨ ᠨᠥᠬᠥᠷᠯᠡᠯ ᠦᠨ ᠣᠷᠣᠨ ᠨᠤᠭᠤᠳ ᠤᠨ ᠲᠣᠭᠲᠠᠪᠤᠷᠢᠲᠠᠢ ᠪᠠᠢᠢᠳᠠᠯ ᠤᠨ ᠪᠡᠯᠭᠡ ᠲᠡᠮᠳᠡᠭ᠂ ᠮᠠᠩᠯᠠᠢᠢᠯᠠᠭᠴᠢ ᠨᠢ ᠪᠠᠢᠢᠵᠤ ᠢᠷᠡᠭᠰᠡᠨ ᠪᠢᠯᠡ᠃

ᠲᠡᠭᠦᠨ ᠦ ᠠᠷᠢᠭᠤᠨ ᠦᠢᠯᠡ ᠬᠡᠷᠡᠭ ᠪᠢᠳᠡᠨ ᠦ ᠵᠢᠷᠦᠬᠡ ᠰᠡᠳᠬᠢᠯ ᠳᠥ ᠡᠭᠦᠷᠢᠳᠡ ᠮᠥᠩᠬᠡ ᠳᠤᠷᠠᠰᠤᠭᠳᠠᠬᠤ ᠪᠣᠯᠤᠨ᠎ᠠ᠃

ᠭᠦᠨ᠎ᠡ ᠬᠦᠨᠳᠦᠳᠬᠡᠭ᠍ᠰᠡᠨ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ》 ᠭᠡᠵᠡᠢ