Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠠᠮᠧᠷᠢᠺᠠ ᠢᠢᠨ ᠨᠢᠭᠡᠳᠦᠭᠰᠡᠨ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠮᠠᠢᠢᠺᠯ ᠺᠯᠧᠴᠧᠰᠺᠢ  ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠮᠧᠷᠢᠺᠠ ᠢᠢᠨ ᠨᠢᠭᠡᠳᠦᠭᠰᠡᠨ ᠤᠯᠤᠰ /ᠠᠮᠧᠷᠢᠺᠠ ᠢᠢᠨ ᠨᠢᠭᠡᠳᠦᠭᠰᠡᠨ ᠤᠯᠤᠰ/ ᠍ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠮᠠᠢᠢᠺᠯ ᠺᠯᠧᠴᠧᠰᠺᠢ  ᠢ ᠨᠤᠲᠤᠭ ᠪᠤᠴᠠᠬᠤ ᠪᠣᠯᠤᠭᠰᠠᠨ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠯᠴᠢᠨ ᠰᠠᠢᠢᠳ ᠮᠠᠢᠢᠺᠯ ᠺᠯᠧᠴᠧᠰᠺᠢ ᠠᠵᠢᠯᠯᠠᠬᠤ ᠬᠤᠭᠤᠴᠠᠭᠠᠨ ᠳᠤ ᠪᠠᠨ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠰᠠᠯᠪᠤᠷᠢ ᠲᠤ ᠥᠷᠭᠡᠵᠢᠭᠦᠯᠦᠨ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ ᠳᠤ ᠲᠠᠯᠠᠷᠬᠠᠯ ᠢᠯᠡᠷᠬᠡᠢᠢᠯᠡᠪᠡ᠃

ᠲᠤᠬᠠᠢᠢᠯᠠᠪᠠᠯ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠠᠮᠧᠷᠢᠺᠠ ᠢᠢᠨ ᠨᠢᠭᠡᠳᠦᠭᠰᠡᠨ ᠤᠯᠤᠰ ᠢᠢᠨ ᠮᠢᠩ᠋ᠭᠠᠨ ᠤ ᠰᠣᠷᠢᠯᠲᠠ ᠢᠢᠨ ᠺᠣᠷᠫᠣᠷᠠᠼ ᠤᠨ ᠬᠣᠭᠣᠷᠣᠨᠳᠣ ᠬᠣᠶᠠᠷ ᠳ᠋ᠠᠬᠢ ᠺᠣᠮᠫᠠᠺᠲ ᠭᠡᠷ᠎ᠡ ᠪᠠᠢᠢᠭᠤᠯᠤᠭᠰᠠᠨ ᠨᠢ ᠤᠯᠠᠭᠠᠨᠪᠠᠭᠠᠲᠤᠷ ᠬᠣᠲᠠ ᠢᠢᠨ ᠤᠰᠤᠨ ᠤ ᠬᠠᠩ᠋ᠭᠠᠮᠵᠢ ᠢᠢ ᠨᠡᠮᠡᠭᠳᠡᠭᠦᠯᠬᠦ᠂ ᠤᠰᠤᠨ ᠤ ᠨᠡᠢᠢᠯᠡᠭᠦᠯᠦᠯᠲᠡ ᠢᠢᠨ ᠬᠣᠮᠰᠠᠳᠠᠯ ᠤᠨ ᠰᠥᠷᠭᠦ ᠨᠥᠯᠥᠭᠡᠯᠡᠯ ᠢ ᠪᠠᠭᠤᠷᠠᠭᠤᠯᠬᠤ ᠣᠨᠤᠴᠤᠭᠠᠢ ᠠᠴᠢ ᠬᠣᠯᠪᠣᠭᠳᠠᠯ ᠲᠠᠢ ᠪᠣᠯᠤᠭᠰᠠᠨ ᠢ ᠳᠤᠷᠠᠳᠪᠠ᠃

ᠡᠯᠴᠢᠨ ᠰᠠᠢᠢᠳ ᠮᠠᠢᠢᠺᠯ ᠺᠯᠧᠴᠧᠰᠺᠢ ᠮᠣᠩ᠋ᠭᠣᠯ ᠤᠯᠤᠰ ᠲᠤ ᠠᠵᠢᠯᠯᠠᠭᠰᠠᠨ ᠬᠤᠭᠤᠴᠠᠭᠠᠨ ᠳᠤ ᠪᠠᠨ ᠮᠣᠩ᠋ᠭᠣᠯ ᠤᠯᠤᠰ ᠤᠨ ᠠᠷᠠᠳᠴᠢᠯᠠᠯ ᠤᠨ ᠦᠢᠯᠡ ᠶᠠᠪᠤᠴᠠ᠂ ᠬᠥᠭ᠍ᠵᠢᠯ ᠳᠡᠪᠰᠢᠯ ᠢ ᠠᠵᠢᠭᠯᠠᠵᠤ ᠪᠠᠢᠢᠭᠰᠠᠨ ᠪᠥᠭᠡᠳ ᠴᠠᠷ ᠲᠠᠬᠤᠯ ᠤᠨ ᠠᠮᠠᠷ ᠦᠭᠡᠢ ᠴᠠᠭ ᠦᠶ᠎ᠡ ᠳᠥ ᠴᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠳᠡᠪᠬᠢᠵᠢᠨ ᠬᠥᠭ᠍ᠵᠢᠭᠰᠡᠨ ᠳᠥ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠥᠨ ᠵᠠᠷᠯᠢᠭ ᠭᠠᠷᠭᠠᠵᠤ᠂ ᠮᠣᠩ᠋ᠭᠣᠯ ᠤᠯᠤᠰ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠢᠢ ᠲᠣᠬᠢᠶᠠᠯᠳᠤᠭᠤᠯᠤᠨ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠣᠷᠣᠭᠤᠯᠤᠭᠰᠠᠨ ᠬᠤᠪᠢ ᠨᠡᠮᠡᠷᠢ᠂ ᠬᠥᠳᠡᠯᠮᠦᠷᠢ᠂ ᠵᠢᠳᠬᠦᠯ ᠢ ᠨᠢ ᠦᠨᠡᠯᠡᠵᠦ᠂ ᠠᠮᠧᠷᠢᠺᠠ ᠢᠢᠨ ᠨᠢᠭᠡᠳᠦᠭᠰᠡᠨ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠠᠢᠢᠺᠯ ᠺᠯᠧᠴᠧᠰᠺᠢ  ᠢ ᠲᠥᠷᠥ ᠢᠢᠨ ᠳᠡᠭᠡᠳᠦ ᠱᠠᠩᠨᠠᠯ-ᠠᠯᠲᠠᠨ ᠭᠠᠳᠠᠰᠤ ᠣᠳᠣᠨ ᠢᠶᠠᠷ ᠱᠠᠩᠨᠠᠯ᠎ᠠ᠃