Та "Internet explorer"-ийн сүүлийн хувилбар болох "Microsoft edge"-г ашиглана уу

Хэрэв "Microsoft edge"-г татах бол энд дарж татаж авна уу

ᠡᠮᠵᠡᠭ ᠪᠦᠯᠦᠭ ᠦᠨ ᠬᠡᠦᠬᠡᠳ ᠦᠳ ᠦᠨ ᠳᠣᠲᠣᠭᠠᠳᠤ ᠣᠷᠴᠢᠨ ᠤ ᠠᠭᠠᠷ ᠤᠨ ᠪᠣᠬᠢᠷᠳᠠᠯ ᠠᠴᠠ ᠡᠭᠦᠳᠦᠯᠲᠡᠢ ᠡᠪᠡᠳᠴᠢᠯᠡᠯ᠂ ᠰᠢᠢᠳᠪᠦᠷᠢᠯᠡᠬᠦ ᠭᠠᠷᠴᠠ ᠢᠢᠨ ᠲᠠᠯ᠎ᠠ ᠪᠠᠷ ᠬᠡᠯᠡᠯᠴᠡᠪᠡ

ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠍ ᠤᠨ ᠦᠨᠳᠦᠰᠦᠨ ᠦ ᠠᠰᠰᠠᠮᠪᠯᠧᠢ ᠢᠢᠨ ᠭᠡᠰᠢᠭᠦᠨ᠂ ᠠᠰᠰᠧᠮᠪᠯᠧᠢ ᠢᠢᠨ ᠳᠡᠳ᠋ ᠳᠠᠷᠤᠭ᠎ᠠ ᠺᠢᠮ ᠶᠣᠩ ᠵᠦ‍ ᠦᠨ ᠰᠠᠨᠠᠭᠠᠴᠢᠯᠠᠭ᠎ᠠ ᠪᠠᠷ 2022 ᠣᠨ ᠤ 09 ᠰᠠᠷ᠎ᠠ ᠢᠢᠨ 02 ᠍ ᠤ ᠡᠳᠦᠷ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠍ ᠤᠨ ᠦᠨᠳᠦᠰᠦᠨ ᠦ ᠠᠰᠰᠠᠮᠪᠯᠧᠢ ᠢᠢᠨ ᠣᠷᠳᠣᠨ ᠳᠤ 《ᠮᠣᠩ᠋ᠭᠣᠯ ᠤᠨ ᠡᠮᠵᠡᠭ ᠪᠦᠯᠦᠭ ᠦᠨ ᠬᠡᠦᠬᠡᠳ ᠦᠳ ᠦᠨ ᠳᠣᠲᠣᠭᠠᠳᠤ ᠣᠷᠴᠢᠨ ᠤ ᠠᠭᠠᠷ ᠤᠨ ᠪᠣᠬᠢᠷᠳᠠᠯ ᠠᠴᠠ ᠡᠭᠦᠳᠦᠯᠲᠡᠢ ᠡᠪᠡᠳᠴᠢᠯᠡᠯ᠂ ᠰᠢᠢᠳᠪᠦᠷᠢᠯᠡᠬᠦ ᠭᠠᠷᠴᠠ》 ᠰᠡᠳᠦᠪᠲᠦ ᠮᠡᠷᠭᠡᠵᠢᠯᠲᠡᠨ ᠨᠦᠭᠦᠳ ᠦᠨ ᠬᠡᠯᠡᠯᠴᠡᠭᠦᠯᠭᠡ ᠵᠣᠬᠢᠶᠠᠨ ᠪᠠᠢᠢᠭᠤᠯᠤᠯ᠎ᠠ᠃

ᠬᠡᠯᠡᠯᠴᠡᠭᠦᠯᠭᠡ ᠳᠥ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠍ ᠤᠨ ᠡᠷᠡᠭᠦᠯ ᠮᠡᠨᠳᠦ᠂ ᠪᠠᠢᠢᠭᠠᠯᠢ ᠣᠷᠴᠢᠨ ᠤ ᠰᠠᠯᠪᠤᠷᠢ ᠢᠢᠨ ᠮᠡᠷᠭᠡᠵᠢᠯ ᠦᠨ ᠰᠤᠳᠤᠯᠤᠭᠠᠴᠢ ᠡᠮᠴᠢ ᠪᠣᠯᠤᠨ ᠮᠡᠷᠭᠡᠵᠢᠯ ᠡᠴᠡ ᠰᠢᠯᠲᠠᠭᠠᠯᠠᠬᠤ ᠡᠪᠡᠳᠴᠢᠨ᠂ ᠣᠷᠴᠢᠨ ᠤ ᠡᠪᠡᠳᠴᠢᠨ ᠰᠤᠳᠤᠯᠤᠯ ᠤᠨ ᠲᠥᠪ᠂ ᠬᠥᠳᠡᠯᠮᠦᠷᠢ ᠢᠢᠨ ᠡᠷᠡᠭᠦᠯ ᠠᠬᠤᠢ ᠰᠤᠳᠤᠯᠭᠠᠨ ᠤ ᠬᠦᠷᠢᠶᠡᠯᠡᠩ ᠦᠨ ᠤᠳᠤᠷᠢᠳᠤᠯᠭ᠎ᠠ ᠨᠤᠭᠤᠳ ᠢᠯᠡᠳᠬᠡᠯ ᠲᠠᠯᠪᠢᠵᠤ ᠬᠡᠯᠡᠯᠴᠡᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠠᠢᠢᠭᠠᠯᠢ ᠣᠷᠴᠢᠨ᠂ ᠨᠣᠭᠣᠭᠠᠨ ᠬᠥᠭ᠍ᠵᠢᠯ ᠦᠨ ᠪᠣᠳᠣᠯᠭ᠎ᠠ ᠢᠢᠨ ᠵᠥᠪᠯᠡᠬᠦ ᠨ ∙ ᠪᠠᠲᠤᠬᠦᠦ ᠤᠯᠠᠭᠠᠨᠪᠠᠭᠠᠲᠤᠷ ᠬᠣᠲᠠ ᠢᠢᠨ ᠠᠭᠠᠷ᠂ ᠣᠷᠴᠢᠨ ᠤ ᠪᠣᠬᠢᠷᠳᠠᠯ᠂ ᠲᠡᠭᠦᠨ ᠡᠴᠡ ᠡᠭᠦᠳᠦᠯᠲᠡᠢ ᠡᠪᠡᠳᠴᠢᠯᠡᠯ ᠦᠨ ᠲᠥᠯᠥᠪ ᠪᠠᠢᠢᠳᠠᠯ ᠤᠨ ᠲᠠᠯ᠎ᠠ ᠪᠠᠷ ᠲᠠᠨᠢᠯᠴᠠᠭᠤᠯᠪᠠ᠃

ᠮᠥᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠦ ᠶᠠᠪᠤᠴᠠ ᠢᠢᠨ ᠲᠠᠯ᠎ᠠ ᠪᠠᠷ ᠮᠡᠳᠡᠭᠡᠯᠡᠯ ᠥᠭ᠍ᠭᠦᠯ᠎ᠡ᠃

ᠴᠢᠨᠠᠭᠰᠢᠳᠠ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠍ ᠤᠨ ᠬᠠᠮᠲᠤ ᠢᠢᠨ ᠠᠵᠢᠯᠯᠠᠭ᠎ᠠ ᠢᠢ ᠡᠷᠡᠭᠦᠯ ᠮᠡᠨᠳᠦ᠂ ᠪᠠᠢᠢᠭᠠᠯᠢ ᠣᠷᠴᠢᠨ ᠤ ᠰᠠᠯᠪᠤᠷᠢ ᠲᠤ ᠤᠯᠠᠮ ᠥᠷᠭᠡᠵᠢᠭᠦᠯᠦᠨ ᠬᠥᠭ᠍ᠵᠢᠭᠦᠯᠬᠦ᠂ ᠲᠤᠯᠭᠠᠮᠳᠠᠵᠤ ᠪᠤᠢ ᠠᠰᠠᠭᠤᠳᠠᠯ ᠢ ᠰᠢᠢᠳᠪᠦᠷᠢᠯᠡᠬᠦ ᠪᠣᠯᠤᠨ ᠦᠷ᠎ᠡ ᠳ᠋ᠦᠩ ᠳᠥ ᠬᠦᠷᠬᠦ ᠪᠣᠯᠤᠮᠵᠢ ᠲᠠᠢ ᠠᠷᠭ᠎ᠠ ᠵᠠᠮ ᠢ ᠡᠷᠢᠯᠬᠢᠯᠡᠬᠦᠯᠭᠥ ᠵᠣᠷᠢᠯᠭ᠎ᠠ ᠲᠠᠢ ᠮᠡᠷᠭᠡᠵᠢᠯ ᠦᠨ ᠡᠷᠳᠡᠮᠲᠡᠨ᠂ ᠰᠤᠳᠤᠯᠤᠭᠠᠴᠢᠳ ᠤᠨ ᠬᠠᠮᠲᠤᠷᠠᠭᠰᠠᠨ ᠪᠠᠭ ᠪᠠᠢᠢᠭᠤᠯᠬᠤ ᠪᠠᠷ ᠪᠣᠯᠤᠯ᠎ᠠ᠃

ᠲᠠᠯ ᠤᠳ ᠡᠷᠡᠭᠦᠯ ᠮᠡᠨᠳᠦ ᠢᠢᠨ ᠪᠣᠯᠤᠨ ᠪᠠᠢᠢᠭᠠᠯᠢ ᠣᠷᠴᠢᠨ ᠤ ᠴᠢᠭᠯᠡᠯ ᠢᠶᠡᠷ ᠤᠷᠲᠤ ᠬᠤᠭᠤᠴᠠᠭᠠᠨ ᠤ ᠲᠥᠰᠥᠯ ᠬᠡᠷᠡᠭᠵᠢᠭᠦᠯᠬᠦ ᠪᠥᠭᠡᠳ ᠡᠭᠦᠨ ᠲᠡᠢ ᠬᠣᠯᠪᠣᠭ᠎ᠠ ᠲᠠᠢ ᠬᠡᠯᠡᠯᠴᠡᠭᠦᠯᠭᠡ᠂ ᠰᠧᠮᠢᠨᠠᠷ ᠢ ᠢᠷᠡᠬᠦ 12 ᠳ᠋ᠤᠭᠠᠷ ᠰᠠᠷ᠎ᠠ ᠳᠤ ᠮᠣᠩ᠋ᠭᠣᠯ ᠤᠯᠤᠰ ᠲᠤ ᠵᠣᠬᠢᠶᠠᠨ ᠪᠠᠢᠢᠭᠤᠯᠬᠤ ᠪᠠᠷ ᠪᠣᠯᠵᠠᠢ᠃