Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠺᠰᠲ᠋ᠠᠨ ᠤᠯᠤᠰ ᠤᠨ ᠶᠡᠷᠦᠩᠬᠡᠢᠢᠯᠡᠭᠴᠢ ᠱᠠ‍ ∙ ᠮᠢᠷᠽᠢᠶᠣᠧᠸ ᠲᠡᠢ ᠠᠭᠤᠯᠵᠠᠪᠠ

ᠪᠦᠭᠦᠳᠡ ᠨᠠᠢᠢᠷᠠᠮᠳᠠᠬᠤ ᠦᠽᠪᠧᠺᠰᠲ᠋ᠠᠨ ᠤᠯᠤᠰ ᠲᠤ ᠠᠵᠢᠯᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠤᠰ ᠤᠯᠤᠰ ᠤᠨ ᠶᠡᠷᠦᠩᠬᠡᠢᠢᠯᠡᠭᠴᠢ ᠱᠠᠸᠺᠠᠲ ᠮᠢᠷᠤᠮᠣᠨᠣᠸᠢᠴ ᠮᠢᠷᠽᠢᠶᠣᠧᠸ  ᠲᠡᠢ ᠠᠯᠪᠠᠨ ᠶᠣᠰᠣᠨ ᠤ ᠠᠭᠤᠯᠵᠠᠯᠲᠠ ᠬᠢᠪᠡ᠃

ᠠᠯᠪᠠᠨ ᠶᠣᠰᠣᠨ ᠤ ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠷᠲᠡᠨ ᠦ ᠲᠡᠦᠬᠡᠲᠦ ᠰᠠᠮᠠᠷᠺᠠᠨᠨᠳ᠋ ᠬᠣᠲᠠ ᠳ᠋ᠤ ᠵᠣᠴᠢᠯᠠᠵᠤ᠂ ᠦᠽᠪᠧᠺᠰᠲ᠋ᠠᠨ ᠤᠯᠤᠰ ᠤᠨ ᠶᠡᠷᠦᠩᠬᠡᠢᠢᠯᠡᠭᠴᠢ ᠱᠠ‍ ∙ ᠮᠢᠷᠽᠢᠶᠣᠧᠸ  ᠲᠡᠢ ᠠᠭᠤᠯᠵᠠᠵᠤ ᠪᠠᠢᠢᠭ᠎ᠠ ᠳᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠵᠦ᠂ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠦ ᠢᠢᠨ ᠲᠡᠷᠢᠭᠦᠨ ᠨᠠᠷ ᠤᠨ ᠡᠭᠡᠯᠵᠢᠲᠦ ᠵᠥᠪᠯᠡᠭᠡᠨ ᠢ ᠠᠮᠵᠢᠯᠲᠠᠲᠠᠢ ᠵᠣᠬᠢᠶᠠᠨ ᠪᠠᠢᠢᠭᠤᠯᠵᠤ ᠪᠠᠢᠢᠭ᠎ᠠ ᠳᠤ ᠪᠠᠶᠠᠷ ᠬᠦᠷᠭᠡᠵᠦ᠂ ᠥᠨᠳᠦᠷ ᠠᠮᠵᠢᠯᠲᠠ ᠬᠦᠰᠡᠪᠡ᠃

ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠮᠣᠩ᠋ᠭᠣᠯ᠂ ᠦᠽᠪᠧᠺᠰᠲ᠋ᠠᠨ ᠬᠣᠶᠠᠷ ᠤᠯᠤᠰ ᠲᠡᠦᠬᠡ᠂ ᠣᠶᠤᠨ ᠰᠠᠨᠠᠭ᠎ᠠ᠂ ᠥᠪ ᠰᠣᠶᠣᠯ᠂ ᠤᠯᠠᠮᠵᠢᠯᠠᠯ ᠤᠨ ᠭᠦᠨᠵᠡᠭᠡᠢ ᠬᠡᠯᠬᠢᠶ᠎ᠡ ᠬᠣᠯᠪᠣᠭ᠎ᠠ ᠲᠠᠢ᠂ ᠨᠠᠢᠢᠷᠰᠠᠭ ᠬᠠᠷᠢᠯᠴᠠᠭ᠎ᠠ ᠲᠠᠢ ᠣᠷᠣᠨ ᠨᠤᠭᠤᠳ ᠪᠣᠯᠬᠤ ᠢᠢ ᠣᠨᠴᠠᠯᠠᠵᠤ᠂ ᠳᠠᠯᠠᠢ ᠳᠤ ᠭᠠᠷᠤᠴᠠ ᠦᠭᠡᠢ᠂ ᠬᠥᠭ᠍ᠵᠢᠵᠦ ᠪᠤᠢ ᠣᠷᠣᠨ ᠨᠤᠭᠤᠳ ᠤᠨ ᠬᠤᠪᠢ ᠳᠤ ᠬᠥᠭ᠍ᠵᠢᠯ ᠦᠨ ᠲᠤᠷᠰᠢᠯᠭ᠎ᠠ ᠠᠴᠠ ᠪᠠᠨ ᠬᠤᠪᠢᠶᠠᠯᠴᠠᠵᠤ᠂ ᠴᠢᠨᠠᠭᠰᠢᠳᠠ ᠣᠯᠠᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠥᠷᠭᠡᠨ ᠪᠣᠯᠤᠮᠵᠢ ᠪᠠᠢᠢᠭ᠎ᠠ ᠢᠢ ᠣᠨᠴᠠᠯᠠᠨ ᠲᠡᠮᠳᠡᠭᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠽᠪᠧᠺᠰᠲ᠋ᠠᠨ ᠤᠯᠤᠰ ᠤᠨ ᠶᠡᠷᠦᠩᠬᠡᠢᠢᠯᠡᠭᠴᠢ ᠱᠠ‍ ∙ ᠮᠢᠷᠽᠢᠶᠣᠧᠸ  ᠢ ᠲᠠᠭᠠᠯᠠᠮᠵᠢᠲᠠᠢ ᠴᠠᠭ ᠲᠤ ᠪᠠᠨ ᠮᠣᠩ᠋ᠭᠣᠯ ᠤᠯᠤᠰ ᠲᠤ ᠠᠢᠢᠯᠴᠢᠯᠠᠬᠤ ᠢᠢ ᠤᠷᠢᠯ᠎ᠠ᠃
ᠦᠽᠪᠧᠺᠰᠲ᠋ᠠᠨ ᠤ ᠲᠠᠯ᠎ᠠ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ᠂ ᠢᠯᠠᠩ᠋ᠭᠤᠶ᠎ᠠ ᠬᠥᠳᠡᠭᠡ ᠠᠵᠤ ᠠᠬᠤᠢ ᠢᠢᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠵᠣᠷᠢᠯᠲᠠ ᠢᠢᠨ ᠬᠦᠷᠢᠶᠡᠨ ᠳᠥ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ ᠢ ᠰᠢᠨ᠎ᠡ ᠪᠡᠷ ᠪᠠᠢᠢᠭᠤᠯᠬᠤ ᠰᠠᠨᠠᠯ ᠢ ᠳᠡᠪᠰᠢᠭᠦᠯᠵᠦ᠂ ᠦᠽᠪᠧᠺᠰᠲ᠋ᠠᠨ ᠤ ᠲᠠᠯ᠎ᠠ ᠠᠴᠠ ᠬᠥᠳᠡᠭᠡ ᠠᠵᠤ ᠠᠬᠤᠢ ᠢᠢᠨ ᠰᠠᠢᠢᠳ ᠢ ᠲᠣᠮᠢᠯᠠᠵᠤ ᠪᠠᠢᠢᠭ᠎ᠠ ᠪᠠᠨ ᠮᠡᠳᠡᠭᠳᠡᠪᠡ᠃ ᠲᠡᠭᠦᠨᠴᠢᠯᠡᠨ ᠬᠣᠶᠠᠷ ᠣᠷᠣᠨ ᠤ ᠭᠠᠳᠠᠭᠠᠳᠤ ᠬᠠᠷᠢᠯᠴᠠᠭᠠᠨ ᠤ ᠶᠠᠮᠤᠨ ᠳᠤ ᠬᠣᠭᠣᠷᠣᠨᠳᠣ ᠢᠢᠨ ᠠᠭᠤᠯᠵᠠᠯᠲᠠ ᠢᠢ ᠲᠣᠭᠲᠠᠮᠠᠯᠵᠢᠭᠤᠯᠵᠤ᠂ ᠵᠥᠪᠯᠡᠯᠳᠦᠬᠦ ᠠᠭᠤᠯᠵᠠᠯᠲᠠ ᠨᠤᠭᠤᠳ ᠢ ᠬᠢᠵᠦ ᠠᠵᠢᠯᠯᠠᠬᠤ ᠪᠠᠷ ᠲᠣᠬᠢᠷᠠᠯᠴᠠᠪᠠ᠃

ᠡᠭᠦᠨ ᠡᠴᠡ ᠭᠠᠳᠠᠨ᠎ᠠ ᠲᠠᠯ᠎ᠠ ᠨᠤᠭᠤᠳ ᠳᠠᠯᠠᠢ ᠳᠤ ᠭᠠᠷᠤᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠨᠡᠢᠢᠲᠡᠯᠢᠭ ᠰᠣᠷᠢᠯᠲᠠ ᠪᠣᠯᠬᠤ ᠲᠡᠭᠡᠭᠡᠪᠦᠷᠢ ᠢᠢᠨ ᠰᠠᠭᠠᠳ ᠲᠣᠳᠬᠠᠷ ᠢ ᠬᠡᠷᠬᠢᠨ ᠳᠠᠪᠠᠨ ᠲᠤᠭᠤᠯᠬᠤ ᠲᠠᠯ᠎ᠠ ᠪᠠᠷ ᠬᠠᠷᠢᠯᠴᠠᠨ ᠲᠤᠷᠰᠢᠯᠭ᠎ᠠ ᠰᠣᠯᠢᠯᠴᠠᠵᠤ ᠠᠵᠢᠯᠯᠠᠬᠤ ᠪᠠᠷ ᠰᠠᠨᠠᠯ ᠨᠢᠭᠡᠳᠪᠡ᠃ ᠲᠡᠭᠦᠨᠴᠢᠯᠡᠨ ᠤᠯᠠᠭᠠᠨᠪᠠᠭᠠᠲᠤᠷ ᠬᠣᠲᠠᠨ ᠠ ᠲᠥᠪ ᠲᠡᠢ ᠳᠠᠯᠠᠢ ᠳᠤ ᠭᠠᠷᠤᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠲᠥ ᠲᠥᠪ ᠠᠽᠢ ᠢᠢᠨ ᠪᠦᠰᠡ ᠨᠤᠲᠤᠭ ᠤᠨ ᠴᠢᠬᠤᠯᠠ ᠣᠷᠣᠨ ᠪᠣᠯᠬᠤ ᠦᠽᠪᠧᠺᠰᠲ᠋ᠠᠨ ᠤᠯᠤᠰ ᠭᠡᠰᠢᠭᠦᠨ ᠢᠶᠡᠷ ᠡᠯᠰᠡᠬᠦ ᠴᠢᠭᠯᠡᠯ ᠢᠶᠡᠷ ᠨᠠᠭᠠᠰᠢ ᠲᠠᠢ ᠰᠤᠳᠤᠯᠵᠤ ᠦᠵᠡᠬᠦ ᠪᠡᠨ ᠦᠽᠪᠧᠺᠰᠲ᠋ᠠᠨ ᠤ ᠲᠠᠯ᠎ᠠ ᠮᠡᠳᠡᠭᠳᠡᠪᠡ᠃


ᠲᠡᠭᠦᠨᠴᠢᠯᠡᠨ ᠲᠣᠭᠲᠠᠪᠤᠷᠢᠲᠠᠢ ᠬᠥᠭ᠍ᠵᠢᠯ ᠦᠨ ᠲᠥᠯᠦᠭᠡᠬᠢ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦ ᠴᠢᠷᠮᠠᠢᠢᠯᠲᠠ ᠳᠤ ᠬᠤᠪᠢ ᠨᠡᠮᠡᠷᠢ ᠣᠷᠣᠭᠤᠯᠬᠤ ᠵᠣᠷᠢᠯᠲᠠ ᠢᠢᠨ ᠬᠦᠷᠢᠶᠡᠨ ᠳᠥ ᠮᠣᠩ᠋ᠭᠣᠯ ᠤᠯᠤᠰ ᠤᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ᠂ ᠦᠽᠪᠧᠺᠰᠲ᠋ᠠᠨ ᠤ 《ᠨᠣᠭᠣᠭᠠᠨ ᠣᠷᠣᠨ ᠵᠠᠢ》 ᠬᠥᠲᠦᠯᠪᠦᠷᠢ ᠢᠢ ᠤᠶᠠᠯᠳᠤᠭᠤᠯᠤᠨ ᠬᠡᠷᠡᠭᠵᠢᠭᠦᠯᠬᠦ ᠪᠡᠷ ᠰᠠᠨᠠᠯ ᠰᠣᠯᠢᠯᠴᠠᠵᠤ᠂ ᠳᠡᠯᠡᠬᠡᠢ ᠨᠡᠢᠢᠲᠡ ᠢᠢᠨ ᠲᠤᠯᠭᠠᠮᠳᠠᠭᠰᠠᠨ ᠠᠰᠠᠭᠤᠳᠠᠯ ᠪᠣᠯᠤᠭᠠᠳ ᠪᠤᠢ ᠬᠦᠷᠢᠶᠡᠯᠡᠨ ᠪᠤᠢ ᠣᠷᠴᠢᠨ ᠢ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠴᠢᠭᠯᠡᠯ ᠢᠶᠡᠷ ᠬᠣᠶᠠᠷ ᠲᠠᠯ᠎ᠠ ᠢᠢᠨ ᠬᠦᠷᠢᠶᠡᠨ ᠳᠥ ᠪᠣᠯᠤᠨ ᠣᠯᠠᠨ ᠤᠯᠤᠰ ᠤᠨ ᠲᠠᠪᠴᠠᠩ ᠳᠤ ᠨᠢᠭᠲᠠ ᠬᠠᠮᠲᠤᠷᠠᠵᠤ ᠠᠵᠢᠯᠯᠠᠬᠤ ᠪᠠᠷ ᠲᠣᠭᠲᠠᠪᠠ᠃