Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠨᠢᠫᠢᠨ ᠲᠡᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠺᠰᠲ᠋ᠠᠨ ᠤᠯᠤᠰ ᠤᠨ ᠰᠠᠮᠠᠷᠺᠠᠨᠳ᠋ ᠬᠣᠲᠠᠨ ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠵᠥᠪᠯᠡᠯ ᠦᠨ ᠥᠷᠭᠡᠳᠬᠡᠭ᠍ᠰᠡᠨ ᠬᠤᠷᠠᠯᠳᠤᠭᠠᠨ ᠳᠤ ᠤᠷᠤᠯᠴᠠᠬᠤ ᠦᠶ᠎ᠡ ᠪᠡᠷ ᠢᠶᠡᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ (ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ) ᠍ ᠤᠨ ᠳᠠᠷᠤᠭ᠎ᠠ ᠱᠢ‍ ᠵᠢᠨᠢᠫᠢᠨ ᠲᠡᠢ ᠠᠭᠤᠯᠵᠠᠪᠠ᠃

ᠬᠣᠶᠠᠷ ᠣᠷᠣᠨ ᠤ ᠲᠥᠷᠥ ᠢᠢᠨ ᠲᠡᠷᠢᠭᠦᠨ ᠨᠠᠷ ᠮᠣᠩ᠋ᠭᠣᠯ᠂ ᠬᠢᠲᠠᠳ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠦᠨᠡᠯᠡᠯᠲᠡ ᠥᠭᠴᠦ᠂ ᠴᠢᠨᠠᠭᠰᠢᠳᠠ ᠢᠢᠨ ᠲᠥᠯᠥᠪ ᠪᠣᠯᠤᠨ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢᠶᠠᠷ ᠰᠠᠨᠠᠯ ᠰᠣᠯᠢᠯᠴᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠨᠢ ᠮᠣᠩ᠋ᠭᠣᠯ ᠤᠯᠤᠰ ᠤᠨ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠴᠢᠭᠯᠡᠯ ᠦᠨ ᠨᠢᠭᠡ ᠪᠣᠯᠬᠤ ᠢᠢ ᠣᠨᠴᠠᠯᠠᠵᠤ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠲᠤᠰ ᠲᠤᠰ ᠤᠨ ᠬᠥᠭ᠍ᠵᠢᠯ ᠦᠨ ᠪᠣᠳᠣᠯᠭ᠎ᠠ᠂ ᠵᠣᠷᠢᠯᠲᠠ ᠨᠤᠭᠤᠳ ᠲᠠᠢ ᠤᠶᠠᠯᠳᠤᠭᠤᠯᠤᠨ ᠬᠥᠭ᠍ᠵᠢᠭᠦᠯᠬᠦ ᠢᠢᠨ ᠠᠴᠢ ᠬᠣᠯᠪᠣᠭᠳᠠᠯ ᠢ ᠣᠨᠴᠠᠯᠠᠪᠠ᠃

ᠲᠡᠭᠦᠨᠴᠢᠯᠡᠨ ᠴᠠᠷ᠎ ᠲᠠᠬᠤᠯ ᠤᠨ ᠬᠦᠨᠳᠦ ᠴᠠᠭ ᠦᠶ᠎ᠡ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ᠂ ᠠᠷᠠᠳ ᠲᠦᠮᠡᠨ ᠡᠴᠡ ᠮᠣᠩ᠋ᠭᠣᠯ ᠤᠨ ᠠᠷᠠᠳ ᠲᠦᠮᠡᠨ ᠳᠥ ᠸᠠᠺᠼᠢᠨ᠂ ᠡᠮᠨᠡᠯᠭᠡ ᠢᠢᠨ ᠲᠣᠨᠣᠭ ᠲᠥᠬᠥᠭᠡᠷᠦᠮᠵᠢ᠂ ᠡᠳ᠋ ᠮᠠᠲ᠋ᠧᠷᠢᠶᠠᠯ ᠢ ᠰᠢᠭᠤᠷᠬᠠᠢ ᠨᠡᠢᠢᠯᠡᠭᠦᠯᠵᠦ᠂ ᠳᠡᠮᠵᠢᠯᠭᠡ ᠦᠵᠡᠭᠦᠯᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠯ᠎ᠡ᠃
ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠨᠢᠫᠢᠨ ᠲᠤᠰ ᠤᠯᠤᠰ ᠤᠨ ᠬᠥᠷᠰᠢ ᠣᠷᠣᠨ ᠨᠤᠭᠤᠳ ᠲᠠᠢ ᠪᠠᠨ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠮᠣᠩ᠋ᠭᠣᠯ ᠤᠯᠤᠰ ᠴᠢᠬᠤᠯᠠ ᠪᠠᠢᠢᠷᠢ ᠰᠠᠭᠤᠷᠢ ᠡᠵᠡᠯᠡᠳᠡᠭ ᠢ ᠣᠨᠴᠠᠯᠠᠵᠤ᠂ ᠴᠢᠨᠠᠭᠰᠢᠳᠠ ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠵᠦ᠂ ᠱᠠᠲᠤ ᠠᠬᠢᠭᠤᠯᠬᠤ ᠢᠢᠨ ᠲᠥᠯᠥᠭᠡ ᠪᠠᠢᠢᠭ᠎ᠠ ᠪᠠᠨ ᠬᠡᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠲᠦᠯᠪᠦᠷᠢ ᠢᠢ ᠬᠢᠲᠠᠳ ᠤᠨ ᠲᠠᠯ᠎ᠠ ᠳᠡᠮᠵᠢᠵᠦ᠂ ᠪᠠᠢᠢᠭᠠᠯᠢ ᠣᠷᠴᠢᠨ ᠢ ᠬᠠᠮᠠᠭᠠᠯᠠᠬᠤ᠂ ᠴᠥᠯᠵᠢᠯᠲᠡ ᠲᠡᠢ ᠲᠡᠮᠡᠴᠡᠬᠦ ᠴᠢᠭᠯᠡᠯ ᠢᠶᠡᠷ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠳᠥ ᠪᠡᠯᠡᠨ ᠪᠠᠢᠢᠭ᠎ᠠ ᠢᠢ ᠮᠡᠳᠡᠭᠳᠡᠯ᠎ᠡ᠃

ᠲᠡᠭᠦᠨᠴᠢᠯᠡᠨ 《ᠪᠥᠰᠡ ᠪᠠ ᠵᠠᠮ》 ᠰᠠᠨᠠᠭᠠᠴᠢᠯᠠᠭ᠎ᠠ᠂ 《ᠲᠠᠯ᠎ᠠ ᠢᠢᠨ ᠵᠠᠮ》 ᠬᠥᠲᠥᠯᠪᠦᠷᠢ ᠢᠢ ᠬᠠᠷᠢᠯᠴᠠᠨ ᠤᠶᠠᠯᠳᠤᠭᠤᠯᠵᠤ᠂ 《ᠮᠣᠩ᠋ᠭᠣᠯ᠂ ᠬᠢᠲᠠᠳ᠂ ᠣᠷᠣᠰ ᠤᠨ ᠡᠳ᠋ ᠍ ᠦᠨ ᠵᠠᠰᠠᠭ ᠤᠨ ᠺᠣᠷᠢᠳᠣᠷ ᠪᠠᠢᠢᠭᠤᠯᠬᠤ ᠬᠥᠲᠥᠯᠪᠦᠷᠢ》 ᠍ ᠦᠨ ᠪᠦᠲᠦᠭᠡᠨ ᠪᠠᠢᠢᠭᠤᠯᠤᠯᠲᠠ ᠢᠢ ᠤᠷᠤᠭᠰᠢᠯᠠᠭᠤᠯᠬᠤ ᠢᠢᠨ ᠲᠥᠯᠥᠭᠡ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃
ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠴᠢᠨᠠᠭᠰᠢᠳᠠ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠵᠦ᠂ ᠡᠷᠴᠢᠮ ᠬᠦᠴᠦ᠂ ᠳᠡᠳ᠋ ᠪᠦᠲᠦᠴᠡ ᠢᠢᠨ ᠲᠣᠮᠣᠬᠠᠨ ᠲᠥᠰᠦᠯ ᠦᠳ ᠦᠨ ᠬᠡᠷᠡᠭᠵᠢᠯᠲᠡ ᠢᠢ ᠲᠦᠷᠭᠡᠳᠬᠡᠬᠦ ᠴᠢᠭᠯᠡᠯ ᠢᠶᠡᠷ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃