Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠢᠢᠨ ᠣᠷᠣᠯᠠᠭᠴᠢ ᠠᠷᠮᠢᠳᠠ ᠠᠯᠢᠰᠵᠠᠪᠠᠨ᠎ᠠ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠰᠠᠮᠠᠷᠺᠠᠨᠳ᠋ ᠬᠣᠲᠠᠨ ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠬᠤ ᠦᠶ᠎ᠡ ᠪᠡᠷ ᠢᠶᠡᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠪᠥᠭᠡᠳ ᠠᠽᠢ᠂ ᠨᠣᠮᠣᠬᠠᠨ ᠳᠠᠯᠠᠢ ᠢᠢᠨ ᠡᠳ᠋ ᠍ ᠦᠨ ᠵᠠᠰᠠᠭ᠂ ᠨᠡᠢᠢᠭᠡᠮ ᠦᠨ ᠺᠣᠮᠢᠰᠰ /ᠠᠽᠢ᠂ ᠨᠣᠮᠣᠬᠠᠨ ᠳᠠᠯᠠᠢ ᠢᠢᠨ ᠡᠳ᠋ ᠍ ᠦᠨ ᠵᠠᠰᠠᠭ᠂ ᠨᠡᠢᠢᠭᠡᠮ ᠦᠨ ᠺᠣᠮᠢᠰᠰ/ ᠍ ᠤᠨ ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠠᠷᠮᠢᠳᠠ ᠠᠯᠢᠰᠵᠠᠪᠠᠨ᠎ᠠ ᠢ ᠬᠦᠯᠢᠶᠡᠨ ᠠᠪᠴᠤ ᠠᠭᠤᠯᠵᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ᠂ ᠲᠡᠭᠦᠨ ᠦ ᠰᠢᠰᠲ᠋ᠧᠮ ᠦᠨ ᠪᠠᠢᠢᠭᠤᠯᠤᠯᠭ᠎ᠠ ᠨᠤᠭᠤᠳ ᠨᠢ ᠮᠣᠩ᠋ᠭᠣᠯ ᠤᠯᠤᠰ ᠤᠨ ᠬᠥᠭ᠍ᠵᠢᠯ ᠳ᠋ᠦ ᠦᠨᠡᠲᠡᠢ ᠬᠤᠪᠢ ᠨᠡᠮᠡᠷᠢ ᠣᠷᠣᠭᠤᠯᠳᠠᠭ ᠴᠢᠬᠤᠯᠠ ᠲᠦᠩᠰᠢ ᠭᠡᠳᠡᠭ ᠢ ᠣᠨᠴᠠᠯᠠᠨ ᠲᠡᠮᠳᠡᠭᠯᠡᠭᠡᠳ᠂ ᠴᠠᠭᠠᠰᠢᠳᠠ ᠬᠠᠮᠲᠤ ᠢᠢᠨ ᠠᠵᠢᠯᠯᠠᠭᠠᠨ ᠤ ᠠᠭᠤᠯᠭ᠎ᠠ ᠢᠢ ᠪᠠᠶᠠᠵᠢᠭᠤᠯᠬᠤ ᠳᠤ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃
ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠠ᠊ ∙ ᠠᠯᠢᠰᠵᠠᠪᠠᠨ᠎ᠠ 2019 ᠣᠨ ᠳᠤ ᠠᠽᠢ ᠢᠢᠨ ᠲᠥᠯᠦᠭᠡᠬᠢ ᠪᠣᠠᠤ‍ ᠹᠣᠷᠣᠮ ᠤᠨ ᠤᠯᠠᠭᠠᠨᠪᠠᠭᠠᠲᠤᠷ ᠤᠨ ᠪᠠᠭ᠎ᠠ ᠬᠤᠷᠠᠯ ᠳᠤ ᠬᠦᠨᠳᠦᠳᠥ ᠵᠣᠴᠢᠨ ᠢᠶᠠᠷ ᠣᠷᠣᠯᠴᠠᠬᠤ ᠦᠶ᠎ᠡ ᠪᠡᠷ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠡᠢ ᠵᠠᠰᠠᠭ ᠤᠨ ᠭᠠᠵᠠᠷ ᠤᠨ ᠲᠡᠷᠢᠭᠦᠨ ᠦ ᠬᠤᠪᠢ ᠪᠠᠷ ᠨᠢ ᠠᠭᠤᠯᠵᠠᠵᠤ ᠪᠠᠢᠢᠭᠰᠠᠨ ᠢᠶᠠᠨ ᠳᠤᠷᠠᠳᠤᠭᠠᠳ᠂ 《ᠲᠣᠭᠲᠠᠪᠤᠷᠢᠲᠠᠢ ᠬᠥᠭ᠍ᠵᠢᠯ-2030″ ᠬᠥᠲᠦᠯᠪᠦᠷᠢ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠳᠡᠪᠰᠢᠭᠦᠯᠦᠭᠰᠡᠨ 《ᠠᠯᠤᠰ ᠤᠨ ᠬᠠᠷᠠᠭ᠎ᠠ-2050》 ᠬᠥᠭ᠍ᠵᠢᠯ ᠦᠨ ᠬᠥᠲᠦᠯᠪᠦᠷᠢ ᠲᠡᠢ ᠤᠶᠠᠯᠳᠤᠭᠤᠯᠤᠨ ᠬᠡᠷᠡᠭᠵᠢᠭᠦᠯᠬᠦ ᠴᠢᠭᠯᠡᠯ ᠢᠶᠡᠷ ᠲᠠᠯ᠎ᠠ ᠨᠤᠭᠤᠳ ᠢᠳᠡᠪᠬᠢᠲᠡᠢ ᠬᠠᠮᠲᠤᠷᠠᠨ ᠠᠵᠢᠯᠯᠠᠵᠤ ᠪᠤᠢ ᠢᠢ ᠪᠠᠨ ᠣᠨᠴᠠᠯᠠᠨ ᠲᠡᠮᠳᠡᠭᠯᠡᠪᠡ᠃

ᠲᠡᠷᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠯᠠᠷᠬᠠᠨ ᠳᠡᠮᠵᠢᠵᠦ᠂ ᠳᠡᠯᠡᠬᠡᠢ ᠳ᠋ᠠᠬᠢᠨ ᠳᠤ ᠲᠤᠯᠭᠠᠮᠠᠳᠠᠭᠠᠳ ᠪᠤᠢ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠢᠢᠨ ᠨᠥᠯᠥᠭᠡᠯᠡᠯ ᠢ ᠪᠠᠭᠤᠷᠠᠭᠤᠯᠬᠤ ᠳᠤ ᠴᠢᠬᠤᠯᠠ ᠡᠭᠦᠷᠭᠡ ᠭᠦᠢᠴᠡᠳᠭᠡᠵᠦ ᠪᠠᠢᠢᠭ᠎ᠠ ᠢᠢ ᠨᠢ ᠥᠨᠳᠥᠷ ᠢᠶᠡᠷ ᠦᠨᠡᠯᠡᠵᠦ ᠪᠤᠢ ᠢᠢ ᠣᠨᠴᠠᠯᠠᠭᠠᠳ᠂ ᠴᠢᠨᠠᠠᠰᠢᠳᠠ ᠡᠨᠡ ᠴᠢᠭᠯᠡᠯ ᠳᠥ ᠬᠠᠮᠲᠤ ᠢᠢᠨ ᠠᠵᠢᠯᠯᠠᠭ᠎ᠠ ᠢᠢ ᠤᠯᠠᠮ ᠢᠳᠡᠪᠬᠢᠵᠢᠭᠦᠯᠬᠦ ᠡᠷᠡᠮᠡᠯᠵᠡᠯ ᠲᠡᠢ ᠪᠠᠢᠢᠭ᠎ᠠ ᠪᠠᠨ ᠢᠯᠡᠷᠬᠡᠢᠢᠯᠡᠪᠡ᠃

ᠲᠡᠭᠦᠨᠴᠢᠯᠡᠨ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠮᠣᠩ᠋ᠭᠣᠯ ᠤᠯᠤᠰ ᠤᠨ ᠬᠦᠴᠦᠨ ᠴᠢᠷᠮᠠᠢᠢᠯᠲᠠ ᠳᠤ ᠬᠤᠪᠢ ᠨᠡᠮᠡᠷᠢ ᠤᠷᠤᠭᠤᠯᠬᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠽᠢ᠂ ᠨᠣᠮᠣᠬᠠᠨ ᠳᠠᠯᠠᠢ ᠢᠢᠨ ᠡᠳ᠋ ᠍ ᠦᠨ ᠵᠠᠰᠠᠭ᠂ ᠨᠡᠢᠢᠭᠡᠮ ᠤᠨ ᠺᠣᠮᠢᠰᠰ ᠠᠴᠠ 《ᠨᠣᠭᠣᠭᠠᠨ ᠪᠣᠨᠳ᠋》 (Green Bond) ᠍ ᠤᠨ ᠬᠦᠷᠢᠶᠡᠨ ᠳᠥ ᠬᠠᠮᠲᠤᠷᠠᠨ ᠠᠵᠢᠯᠯᠠᠬᠤ ᠳᠤ ᠪᠡᠯᠡᠨ ᠪᠠᠢᠢᠭ᠎ᠠ ᠪᠠᠨ ᠢᠯᠡᠷᠬᠡᠢᠢᠯᠡᠯ᠎ᠡ᠃

ᠲᠠᠯ ᠤᠳ ᠬᠤᠳᠠᠯᠳᠤᠭ᠎ᠠ ᠢᠢ ᠬᠥᠩ᠋ᠭᠡᠪᠴᠢᠯᠡᠬᠦ᠂ ᠳᠠᠮᠵᠢᠨ ᠥᠩ᠋ᠭᠡᠷᠡᠬᠦ ᠲᠡᠭᠡᠭᠡᠪᠦᠷᠢ ᠢᠢ ᠬᠥᠭ᠍ᠵᠢᠭᠦᠯᠬᠦ᠂ ᠬᠢᠯᠢ ᠳᠠᠮᠨᠠᠭᠰᠠᠨ ᠴᠠᠭᠠᠰᠤ ᠦᠭᠡᠢ ᠬᠤᠳᠠᠯᠳᠤᠭ᠎ᠠ ᠢᠢ ᠳᠡᠮᠵᠢᠬᠦ᠂ ᠵᠡᠭᠦᠨ ᠡᠮᠦᠨᠡᠲᠦ ᠠᠽᠢ᠂ ᠲᠥᠪ ᠠᠽᠢ ᠢᠢᠨ ᠪᠤᠰᠤᠳ ᠤᠯᠤᠰ ᠲᠤ ᠴᠢᠭᠯᠡᠭᠰᠡᠨ ᠠᠦ᠋ᠲ᠋ᠣᠲᠡᠭᠡᠪᠦᠷ ᠦᠨ ᠣᠯᠠᠨ ᠲᠠᠯᠠᠲᠤ ᠬᠡᠯᠡᠯᠴᠡᠭᠡᠷ ᠪᠠᠢᠢᠭᠤᠯᠬᠤ᠂ ᠮᠣᠩ᠋ᠭᠣᠯ ᠤᠯᠤᠰ ᠲᠤ ᠣᠯᠠᠨ ᠤᠯᠤᠰ ᠤᠨ ᠴᠢᠨᠠᠷᠲᠠᠢ ᠬᠠᠭᠤᠷᠠᠢ ᠪᠣᠭᠣᠮᠲᠠ ᠪᠠᠢᠢᠭᠤᠯᠬᠤ ᠬᠠᠮᠲᠤᠷᠠᠭᠰᠠᠨ ᠰᠤᠳᠤᠯᠭ᠎ᠠ ᠬᠢᠬᠦ ᠵᠡᠷᠭᠡ ᠥᠷᠭᠡᠨ ᠬᠦᠷᠢᠢ᠎ᠡ ᠲᠡᠢ ᠠᠰᠠᠭᠤᠳᠠᠯ ᠢᠶᠠᠷ ᠰᠠᠨᠠᠯ ᠰᠣᠯᠢᠯᠴᠠᠵᠤ᠂ ᠵᠠᠷᠴᠢᠮ ᠤᠨ ᠰᠢᠨ᠎ᠡ ᠲᠣᠬᠢᠷᠠᠯᠴᠠᠭᠠᠨ ᠳᠤ ᠬᠦᠷᠡᠯ ᠡ᠃